| 7 ᠰᠠᠷ᠎ᠠ ᠶᠢᠨ 28 ᠤ ᠡᠳᠦᠷ᠂ ︽ᠮᠢᠨᠦ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ | ︾ ᠤᠨ ᠲᠣᠭᠤᠷᠢᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠶᠠᠪᠤᠭᠳᠠᠪᠠ᠃ ᠮᠡᠳᠡᠭᠦᠯᠦᠯᠲᠡ ᠶᠢᠨ | ᠬᠤᠷᠠᠯ ᠳᠡᠭᠡᠷ᠎ᠡ᠂ ᠶᠠᠩ ᠰᠢᠶᠠᠨ ᠵᠥᠩ᠂ ᠵᠠᠩ ᠬᠤᠩ ᠵᠡᠷᠭᠡ 6 ᠲᠥᠯᠥᠭᠡᠯᠡᠭᠴᠢ ︽ᠬᠠᠷᠢᠭᠤᠴᠠᠯᠭᠠᠲᠤ ᠰᠡᠳᠬᠢᠯᠭᠡ | ᠪᠠ ᠡᠭᠦᠷᠭᠡᠲᠦ ᠰᠡᠳᠬᠢᠯᠭᠡ ᠪᠠᠨ ᠨᠡᠮᠡᠭᠳᠡᠭᠦᠯᠦᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠶ᠎ᠠ︾ ︽ᠨᠡᠩ ᠰᠠᠶᠢᠨ ᠠᠮᠢᠲᠤᠷᠠᠯ ᠶᠠᠭ ᠰᠠᠶ᠋ᠢᠬᠠᠨ ᠡᠬᠢᠯᠡᠵᠦ ᠪᠠᠶᠢᠨ᠎ᠠ︾ | ᠭᠡᠬᠦ ᠵᠡᠷᠭᠡ ᠭᠤᠣᠯ ᠰᠡᠳᠦᠪ ᠤᠨ ᠲᠣᠭᠤᠷᠢᠨ ᠳᠤ ᠦᠨᠳᠦᠰᠦᠲᠡᠨ ᠤ ᠪᠦᠯᠬᠦᠮᠳᠡᠯ ᠤᠨ ᠬᠥᠮᠦᠵᠢᠯ᠂ ᠨᠡᠶᠢᠭᠡᠮ | ᠲᠣᠭᠤᠷᠢᠭ ᠤᠨ ᠠᠵᠢᠯ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠬᠡᠨᠠᠭᠤᠷ ᠤᠨ ᠲᠥᠪᠡᠳ | ᠣᠷᠣᠨ ᠤ ᠠᠬ᠎ᠠ ᠳᠡᠭᠦᠦ ᠨᠡᠷ ᠢ ᠲᠤᠰᠠᠯᠠᠬᠤ ᠵᠡᠷᠭᠡ ᠲᠠᠯ᠎ᠠ ᠶᠢᠨ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ | ᠪᠣᠷᠣᠭᠵᠢᠭᠤᠨ ᠠᠮᠢᠳᠤᠯᠢᠭ ᠦᠭᠡ ᠪᠠᠷ ᠶᠠᠷᠢᠵᠤ᠂ ᠠᠭᠤᠯᠭ᠎ᠠ ᠨᠢ ᠦᠨᠡᠨ ᠪᠣᠳᠠᠲᠠᠢ ᠪᠠᠷ ᠬᠥᠮᠦᠰ ᠤᠨ ᠰᠡᠳᠬᠢᠯ ᠢ | ᠬᠥᠳᠡᠯᠭᠡᠵᠦ᠂ ᠦᠢᠯᠡ ᠠᠵᠢᠯᠯᠠᠭ᠎ᠠ ᠨᠢ ᠬᠥᠮᠦᠰ ᠢ ᠤᠷᠮᠠᠰᠢᠭᠤᠯᠤᠨ ᠵᠣᠷᠢᠭᠵᠢᠭᠤᠯᠵᠤ᠂ ᠲᠤᠬᠠᠢ ᠶᠢᠨ ᠲᠠᠯᠠᠪᠠᠢ ᠳᠤ | ᠪᠠᠶᠢᠨ ᠪᠠᠶᠢᠨ ᠠᠯᠠᠭ᠎ᠠ ᠲᠠᠰᠢᠯᠳᠠ ᠶᠢᠨ ᠲᠠᠭᠤᠨ ᠨᠢᠵᠢᠭᠢᠨᠡᠵᠦ ᠪᠠᠶᠢᠯ᠎ᠠ᠃ | ᠬᠠᠶᠢᠨᠠᠨ ᠲᠤᠭᠤᠷᠢᠭ ᠤᠨ ᠨᠢᠭᠡᠳᠦᠮᠡᠯ ᠹᠷᠣᠨᠲ ᠤᠨ ᠬᠡᠯᠲᠡᠰ ᠤᠨ ᠠᠵᠢᠯᠲᠠᠨ ᠵᠠᠩ ᠵᠢᠩ ᠰᠤᠷᠪᠤᠯᠵᠢᠯᠠᠭᠴᠢ ᠳᠤ | ᠬᠡᠯᠡᠭᠰᠡᠨ ᠨᠢ᠄ ︽ᠪᠢᠳᠡ ᠦᠨᠳᠦᠰᠦᠲᠡᠨ ᠤ ᠪᠦᠯᠬᠦᠮᠳᠡᠯ ᠢ ᠦᠪᠡᠷ ᠨᠢᠳᠦ ᠰᠢᠭ ᠬᠠᠶᠢᠷᠠᠯᠠᠵᠤ᠂ ᠦᠨᠳᠦᠰᠦᠲᠡᠨ ᠤ | ᠪᠦᠯᠬᠦᠮᠳᠡᠯ ᠢ ᠥᠪᠡᠷ ᠤᠨ ᠠᠮᠢ ᠨᠠᠰᠤ ᠪᠠᠨ ᠰᠢᠭ᠋ ᠨᠠᠨᠳᠢᠩᠨᠠᠬᠤ ᠬᠡᠷᠡᠭᠲᠡᠢ᠃ ᠥᠨᠥᠳᠦᠷ ᠪᠢ ᠡᠯ᠎ᠡ ᠵᠦᠢᠯ ᠤᠨ | ᠦᠨᠳᠦᠰᠦᠲᠡᠨ ᠤ ᠪᠦᠯᠬᠦᠮᠳᠡᠯ ᠤᠨ ᠦᠢᠯᠡ ᠠᠵᠢᠯᠯᠠᠭ᠎ᠠ ᠶᠢ ᠰᠣᠨᠣᠰᠤᠭᠠᠳ ᠶᠡᠬᠡᠳᠡ ᠰᠡᠳᠬᠢᠯ ᠬᠥᠳᠡᠯᠪᠡ᠂ | ᠦᠨᠳᠦᠰᠦᠨ ᠱᠠᠲᠤᠨ ᠤ ᠨᠢᠭᠡᠳᠦᠮᠡᠯ ᠹᠷᠣᠨᠲ ᠤᠨ ᠠᠵᠢᠯᠲᠠᠨ ᠪᠣᠯᠤᠭᠰᠠᠨ ᠤ ᠬᠤᠪᠢ ᠳᠤ᠂ ᠬᠤᠶᠢᠰᠢᠳᠠ ᠪᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠ ᠦᠨᠳᠦᠰᠦᠲᠡᠨ ᠤ | ᠪᠦᠯᠬᠦᠮᠳᠡᠯ ᠤᠨ ᠭᠤᠣᠯ ᠬᠥᠭ ᠠᠶᠠᠰ ᠢ ᠢᠳᠡᠪᠬᠢᠲᠡᠶ ᠪᠠᠷ ᠴᠤᠤᠷᠢᠶᠠᠲᠤᠭᠤᠯᠵᠤ᠂ ᠦᠨᠳᠦᠰᠦᠲᠡᠨ ᠤ ᠪᠦᠯᠬᠦᠮᠳᠡᠯ ᠤᠨ | ᠢᠳᠡᠪᠬᠢ ᠬᠦᠴᠦᠨ ᠢ ᠤᠯᠠᠮᠵᠢᠯᠠᠵᠤ᠂ ᠳᠡᠷᠭᠡᠳᠡᠬᠢ ᠬᠥᠮᠦᠰ ᠢᠶᠠᠨ ᠬᠥᠲᠥᠯᠥᠨ ᠵᠢᠯᠣᠭᠤᠳᠴᠤ ᠪᠠᠶᠢᠭᠠᠳ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠲᠦᠯᠬᠢᠨ ᠠᠬᠢᠭᠤᠯᠬᠤ ᠦᠢᠯᠡᠳᠦᠯᠭᠡ ᠳᠤ | ᠤᠬᠠᠮᠰᠠᠷ ᠠᠴᠠ ᠪᠠᠨ ᠣᠷᠣᠯᠴᠠᠭᠤᠯᠬᠤ ᠪᠣᠯᠤᠨ᠎ᠠ︾ ᠬᠡᠵᠡᠢ᠃ | |