ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ | ᠶᠢᠰᠦᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠴᠢᠬᠤᠯᠠ ᠴᠠᠭ ᠮᠥᠴᠡ᠂《 ᠬᠤᠣᠰ ᠵᠠᠭᠤᠨ ᠵᠢᠯ 》 ᠤᠨ | ᠲᠡᠮᠡᠴᠡᠬᠦ ᠬᠠᠷᠠᠯᠲᠠ ᠶᠢᠨ ᠲᠡᠦᠬᠡ ᠶᠢᠨ ᠠᠭᠤᠯᠵᠠᠷ ᠲᠤ ᠬᠤᠷᠠᠯᠳᠤᠭᠰᠠᠨ ᠨᠢᠭᠡ ᠤᠳᠠᠭ᠎ᠠ ᠶᠢᠨ ᠲᠤᠶᠢᠯ ᠤᠨ ᠴᠢᠬᠤᠯᠠ | ᠶᠡᠭᠡ ᠬᠤᠷᠠᠯ ᠪᠣᠯᠤᠨ᠎ᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ 《 ᠰᠢᠨ᠎ᠡ ᠬᠥᠭᠵᠢᠯᠲᠡ ᠶᠢᠨ ᠱᠠᠲᠤᠨ ᠳᠤ | ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠠᠭᠤᠰᠤᠯᠴᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠳᠤ ᠬᠠᠶᠢᠷᠤᠪ ᠤᠨ ᠲᠤᠬᠤᠢ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ | 》ᠭᠡᠬᠦ ᠰᠡᠳᠦᠪ ᠢᠶᠠᠷ ᠮᠡᠳᠡᠭᠦᠯᠦᠯᠲᠡ ᠬᠢᠵᠦ᠂ ᠬᠤᠶᠢᠰᠢᠳᠠ ᠶᠢᠨ ᠲᠠᠪᠤᠨ ᠵᠢᠯ ᠤᠨ ᠵᠢᠯᠣᠭᠤᠳᠬᠤ ᠦᠵᠡᠯ ᠰᠠᠨᠠᠭ᠎ᠠ | ᠪᠣᠯᠤᠨ ᠲᠡᠮᠡᠴᠡᠬᠦ ᠬᠠᠷᠠᠯᠲᠠ ᠶᠢ ᠲᠣᠳᠣᠷᠬᠠᠶᠢᠯᠠᠪᠠ᠃ ᠬᠤᠷᠠᠯ ᠤᠨ ᠳᠠᠷᠠᠭ᠎ᠠ᠂ ᠬᠠᠶᠢᠷᠤᠪ ᠤᠨ ᠲᠤᠬᠤᠢ ᠲᠣᠭᠤᠷᠢᠭ | ᠤᠨ ᠡᠯ᠎ᠡ ᠨᠢᠭᠡᠴᠢ ᠰᠠᠯᠠᠭ᠎ᠠ ᠮᠥᠴᠢᠷ ᠤᠨ ᠬᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ | ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠤᠯᠠᠨ ᠺᠠᠳ᠋ᠷ ᠠᠵᠢᠯᠳᠠᠨ | ᠠᠵᠢᠯᠴᠢᠨ ᠤ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠶᠢ ᠲᠤᠭᠤᠷᠢᠭ ᠤᠨ ᠨᠠᠮ ᠤᠨ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠡᠳᠦᠯᠲᠡᠢ ᠪᠣᠯᠭᠠᠪᠠ᠃ | 7 ᠰᠠᠷ᠎ᠠ ᠶᠢᠨ 28 ᠤ ᠡᠳᠦᠷ᠂ ᠰᠢᠨᠬᠤᠸᠠ ᠪᠠᠷᠠᠭᠤᠨ ᠵᠡᠭᠡᠯᠢ ᠭᠤᠳᠤᠮᠵᠢ ᠬᠤᠷᠠᠯ ᠬᠤᠷᠠᠯᠳᠤᠭᠤᠯᠵᠤ | ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠂ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ | ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠠᠵᠢᠯ | ᠤᠨ ᠮᠡᠳᠡᠭᠦᠯᠦᠯᠲᠡ ᠶᠢᠨ ᠵᠣᠷᠢᠭ ᠰᠠᠨᠠᠭ᠎ᠠ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ | ᠬᠠᠶᠢᠷᠤᠪ ᠤᠨ ᠲᠤᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ | ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠬᠡᠷᠬᠢᠨ ᠰᠠᠶᠢᠲᠤᠷ ᠠᠳᠬᠤᠬᠤ ᠲᠤᠬᠠᠢ ᠲᠤᠬᠢᠷᠠᠭᠤᠯᠤᠨ ᠪᠠᠶᠢᠷᠢᠯᠠᠭᠤᠯᠪᠠ᠃ ᠵᠡᠭᠡᠯᠢ | ᠭᠤᠳᠤᠮᠵᠢ ᠶᠢᠨ ᠬᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠥᠷᠨᠢᠯᠲᠡ ᠶᠢ | ᠦᠳᠲᠡᠷ ᠲᠦᠷᠭᠡᠨ ᠭᠠᠷᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠤᠭᠤᠷᠢᠭ ᠤᠨ ᠨᠠᠮ ᠤᠨ | ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠬᠠᠷᠢᠭᠤᠴᠠᠯᠭᠠᠲᠤ ᠰᠡᠳᠬᠢᠯᠭᠡ᠂ | ᠡᠭᠦᠷᠭᠡᠲᠦ ᠪᠤᠳᠤᠯ᠂ ᠲᠤᠯᠭᠠᠮ ᠪᠤᠳᠤᠯ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ | 7 ᠰᠠᠷ᠎ᠠ ᠶᠢᠨ 29 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ | ᠲᠣᠪᠴᠢᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ | ᠤᠨ ᠶᠢᠰᠦᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ | ᠤᠯᠠᠮᠵᠢᠯᠠᠨ ᠰᠤᠷᠤᠯᠴᠠᠪᠠ᠂ ᠬᠤᠷᠠᠯ ᠠᠴᠠ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠪᠠ ᠡᠭᠦᠷᠭᠡ ᠶᠢᠨ | ᠲᠣᠭᠤᠷᠢᠨ ᠳᠤ᠂ ᠪᠦᠬᠦ ᠲᠠᠯ᠎ᠠ ᠪᠠᠷ ᠳᠡᠭᠡᠳᠦ ᠲᠤᠤᠷᠠᠳᠤ ᠱᠠᠳᠤ ᠪᠠᠷ ᠢᠶᠠᠨ ᠡᠨᠡ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠤᠷᠤᠯᠴᠠᠨ | ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠬᠦ ᠬᠡᠷᠡᠭᠲᠡᠢ ᠭᠡᠵᠦ ᠱᠠᠭᠠᠷᠳᠠᠪᠠ᠃ | ᠰᠢᠷᠭᠠᠭᠤ ᠬᠠᠲᠠᠭᠤᠵᠢᠯᠲᠠᠢ ᠲᠡᠮᠡᠴᠡᠬᠦ ᠬᠤᠪᠢᠰᠬᠠᠯᠲᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ 《 ᠦᠨᠡᠨ | 》 ᠳᠡᠭᠡᠷ᠎ᠡ ᠬᠦᠴᠦ ᠣᠷᠣᠭᠤᠯᠵᠤ᠂ 《 ᠪᠣᠳᠠᠲᠠᠢ 》 ᠳᠡᠭᠡᠷ᠎ᠡ ᠠᠷᠭ᠎ᠠ ᠤᠬᠠᠭᠠᠨ ᠭᠠᠷᠭᠠᠵᠤ᠂ ᠲᠡᠭᠦᠨ ᠢ ᠵᠠᠬᠢᠳᠠᠯ | ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ | ᠬᠦᠴᠦᠨ ᠪᠣᠯᠭᠠᠨ ᠬᠤᠪᠢᠷᠠᠭᠤᠯᠵᠤ᠂ 《 ᠨᠠᠮ ᠤᠨ ᠬᠦᠴᠢᠷ ᠵᠣᠪᠠᠯᠠᠩ ᠢ ᠰᠢᠢᠳᠪᠦᠷᠢᠯᠡᠬᠦ᠂ ᠠᠷᠠᠳ ᠤᠨ ᠬᠦᠴᠢᠷᠳᠡᠯ | ᠢ ᠰᠢᠢᠳᠪᠦᠷᠢᠯᠡᠬᠦ 》 ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠨᠡᠶᠢᠭᠡᠮ | ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠵᠦ | ᠳᠠᠭᠤᠰᠬᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠤᠨ | ᠨᠤᠷᠮ᠎ᠠ ᠶᠢ ᠪᠠᠭᠤᠷᠠᠭᠤᠯᠵᠤ᠂ ᠠᠷᠠᠳ ᠤᠯᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠢ ᠬᠠᠨᠤᠮᠵᠢ ᠶᠢᠨ | ᠬᠡᠮᠵᠢᠶ᠎ᠡ ᠶᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠥᠭᠵᠢᠯᠲᠡ | ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ | ᠣᠯᠠᠨ ᠢᠶᠠᠷ ᠢᠶᠠᠨ ᠨᠠᠷᠢᠨ ᠬᠢᠨᠠᠮᠠᠭᠠᠶ ᠰᠣᠨᠣᠰᠴᠤ᠂ ᠨᠠᠷᠢᠨ ᠬᠢᠨᠠᠮᠠᠭᠠᠶ ᠲᠡᠮᠳᠡᠭᠯᠡᠵᠦ᠂ ᠬᠤᠷᠠᠯ ᠤᠨ ᠳᠠᠷᠠᠭ᠎ᠠ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ | ᠶᠢᠰᠦᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠰᠤᠷᠤᠯᠴᠠᠵᠤ᠂ ᠭᠦᠨᠵᠡᠭᠡᠶ ᠣᠶᠢᠯᠠᠭᠠᠵᠤ᠂ ᠰᠠᠶᠢᠲᠤᠷ ᠤᠯᠠᠮᠵᠢᠯᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ | ᠂ ᠬᠦᠴᠢᠷ ᠢ ᠲᠤᠭᠤᠯᠤᠨ ᠡᠷᠡᠮᠡᠬᠡᠶᠢᠯᠡᠨ ᠤᠷᠤᠭᠰᠢᠯᠠᠵᠤ᠂ ᠵᠢᠱᠢᠶᠡᠴᠢ ᠲᠦᠷᠦᠭᠦᠯᠡᠨ᠂ ᠯᠠᠪᠳᠠᠭᠤᠨ ᠪᠠᠲᠤᠲᠠᠶ | ᠠᠵᠢᠯᠯᠠᠵᠤ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠬᠠᠶᠢᠷᠤᠪ ᠤᠨ | ᠲᠣᠬᠤᠢ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ | ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃ |