ᠰᠢᠨ᠎ᠡ ᠲᠠᠪᠤᠨ ᠵᠢᠯ ᠲᠡᠰᠢ ᠤᠷᠤᠭᠰᠢᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠤᠡᠴᠤ᠂ ᠬᠠᠶᠢᠷᠤᠪ ᠎ ᠤᠨ ᠲᠤᠬᠤᠢ ᠲᠤᠭᠤᠷᠢᠭ ᠥᠨᠳᠥᠷ ᠪᠦᠲᠦᠮᠵᠢᠲᠡᠢ ᠬᠤᠳᠠ ᠶᠢᠨ ᠵᠠᠰᠠᠯᠲᠠ ᠶᠢᠨ ᠰᠢᠰᠲ᠋ᠧᠮ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/8/3
       ᠬᠥᠭᠵᠢᠯᠲᠡ ᠶᠢᠨ ᠣᠷᠴᠢᠨ ᠬᠡᠳᠦᠢ ᠪᠤᠳᠤᠯᠢᠶᠠᠨᠲᠠᠢ ᠬᠦᠨᠳᠦ ᠬᠡᠴᠡᠭᠦᠦ ᠪᠣᠯᠬᠤ ᠲᠤᠳᠤᠮ ᠥᠭᠡᠷᠡᠴᠢᠯᠡᠯᠲᠡ ᠎ ᠶᠢ ᠲᠡᠳᠦᠢ ᠭᠤᠶᠢᠪᠢᠰᠢ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠬᠤᠶᠢᠰᠢᠳᠠ ᠶᠢᠨ ᠲᠠᠪᠤᠨ ᠵᠢᠯ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠠᠴᠠ ᠭᠠᠷᠳᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠢᠰᠲ᠋ᠧᠮ ᠲᠠᠢ ᠲᠥᠪᠯᠡᠷᠡᠭᠦᠯᠬᠦ᠂ ᠬᠠᠮᠵᠢᠯᠴᠠᠨ ᠥᠨᠳᠥᠷ ᠪᠦᠲᠦᠮᠵᠢᠲᠡᠢ ᠪᠠᠶᠢᠯᠭᠠᠬᠤ ᠶᠢ ᠴᠢᠩᠭᠠᠳᠬᠠᠵᠤ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠤᠳᠠ ᠶᠢᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠠᠰᠤᠷᠠᠯᠳᠠ ᠦᠭᠡᠢ ᠠᠬᠢᠭᠤᠯᠤᠨ᠎ᠠ᠃       ᠣᠳᠣ ᠦᠶ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠤᠶ᠎ᠠ᠃      ᠬᠠᠶᠢᠷᠤᠪ ᠤᠨ ᠲᠤᠬᠤᠢ ᠲᠣᠭᠤᠷᠢᠭ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠦᠬᠦ ᠬᠦᠴᠦᠨ ᠢᠶᠠᠷ ᠰᠢᠯᠢᠳᠡᠭᠵᠢᠭᠦᠯᠵᠦ᠂ 《 ᠠᠵᠤ ᠠᠬᠤᠶᠢᠯᠠᠯ ᠱᠦᠭᠯᠦ ᠦᠯᠢᠶᠡᠪᠡᠯ ᠰᠠᠯᠠᠭ᠎ᠠ ᠮᠥᠴᠢᠷ ᠨᠡᠷ᠎ᠡ ᠮᠡᠳᠡᠭᠦᠯᠬᠦ 》᠎ ᠶᠢ ᠪᠠᠷᠢᠮᠲᠠᠯᠠᠨ᠎ᠠ᠃《 ᠪᠠᠭᠤᠯᠭᠠᠬᠤ ᠬᠠᠮᠢᠶᠠᠷᠬᠤ ᠦᠶᠯᠡᠴᠢᠯᠡᠬᠦ 》ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ 《ᠦᠨᠡᠮᠯᠡᠯ ᠢ ᠴᠥᠭᠡᠳᠬᠡᠨ ᠠᠷᠠᠳ ᠲᠤ ᠲᠥᠬᠦᠮ ᠦᠵᠡᠭᠦᠯᠬᠦ 》 ᠠᠵᠢᠯᠯᠠᠭ᠎ᠠ ᠪᠠ《ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ 》᠎ ᠶᠢᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃ᠤᠯᠤᠰ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ ᠲᠦᠷᠦ ᠶᠢᠨ ᠪᠤᠳᠤᠯᠭ᠎ᠠ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠮᠠᠯᠠᠯᠲᠠ ᠪᠠᠨ ᠬᠠᠤᠯᠢ ᠶᠣᠰᠣᠭᠠᠷ ᠵᠦᠢ ᠵᠣᠬᠢᠰᠲᠠᠢ ᠪᠡᠶᠡᠯᠡᠭᠦᠯᠵᠦ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠮᠠᠶ᠋ᠢᠭ ᠎ ᠲᠤ ᠰᠢᠨ᠎ᠡ ᠶᠢ ᠡᠭᠦᠳᠬᠦ ᠪᠠ ᠲᠡᠭᠦᠨ ᠢ ᠰᠢᠯᠢᠳᠡᠭᠵᠢᠭᠦᠯᠵᠦ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠴᠢᠩᠭᠠᠷᠠᠭᠤᠯᠤᠨ᠎ᠠ᠃ ᠤᠯᠤᠰ ᠤᠨ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂᠂ ᠬᠠᠲᠤᠨ ᠭᠤᠤᠯ ᠤᠨ《 几》ᠥᠰᠥᠭ ᠤᠨ ᠮᠤᠷᠤᠶᠢᠭᠰᠠᠨ ᠶᠡᠭᠡ ᠬᠤᠲᠠ ᠶᠢᠨ ᠴᠠᠭᠠᠷᠢᠭ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠪᠥᠭᠡᠮᠨᠡᠷᠡᠯ᠂ ᠨᠢᠩᠰᠢᠶᠠ ᠶᠢᠨ ᠬᠠᠲᠤᠨ ᠭᠤᠤᠯ ᠳᠠᠭᠠᠤ ᠶᠢᠨ ᠬᠤᠲᠠ ᠶᠢᠨ ᠪᠥᠭᠡᠮᠨᠡᠷᠡᠯ ᠯᠦᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠎ ᠶᠢ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠤ ᠦᠶᠯᠡᠰ ᠤᠨ ᠰᠢᠯᠵᠢᠯᠲᠡ ᠶᠢᠨ ᠬᠠᠷᠢᠯᠴᠠᠨ ᠠᠰᠢᠭ ᠬᠦᠷᠲᠡᠭᠡᠬᠦ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠤᠯᠤᠰ ᠤᠨ ᠥᠮᠴᠢᠯᠡᠯ ᠤᠨ ᠬᠦᠷᠦᠩᠭᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠬᠦᠷᠦᠩᠭᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ᠂ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠲᠦᠷᠭᠡᠪᠴᠢᠯᠡᠨ ᠪᠠᠶᠢᠭᠤᠯᠤᠨ᠎ᠠ᠃      ᠣᠳᠣ ᠦᠶ᠎ᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠤᠶ᠎ᠠ      ᠬᠠᠶᠢᠷᠤᠪ ᠤᠨ ᠲᠤᠬᠤᠢ ᠲᠣᠭᠤᠷᠢᠭ ᠤᠨ ᠬᠢᠨ ᠨᠠᠮ ᠤᠨ ᠵᠣᠬᠢᠶᠠᠨ ᠪᠠᠶᠢᠭᠤᠯᠤᠯᠲᠠ ᠠᠴᠠ ᠨᠢᠭᠡᠳᠦᠯᠲᠡᠢ ᠤᠳᠤᠷᠢᠳᠤᠭᠰᠠᠨ᠂ ᠵᠠᠰᠠᠭ ᠤᠨ ᠣᠷᠳᠣᠨ ᠠᠴᠠ ᠬᠠᠤᠯᠢ ᠶᠣᠰᠣᠭᠠᠷ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠡᠯ᠎ᠡ ᠲᠦᠷᠦᠯ ᠤᠨ ᠵᠣᠬᠢᠶᠠᠨ ᠪᠠᠶᠢᠭᠤᠯᠤᠯᠲᠠ ᠠᠴᠠ ᠢᠳᠡᠪᠬᠢᠲᠡᠢ ᠬᠠᠮᠵᠢᠯᠴᠠᠭᠰᠠᠨ᠂ ᠤᠯᠠᠨ ᠲᠦᠮᠡᠨ ᠥᠷᠭᠡᠨ ᠢᠶᠠᠷ ᠣᠷᠣᠯᠴᠠᠭᠰᠠᠨ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠂ ᠬᠥᠮᠦᠨ ᠪᠦᠬᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠬᠡᠷᠡᠭᠲᠡᠢ᠃ ᠨᠠᠮ ᠎ ᠤᠨ ᠪᠠᠶᠢᠭᠤᠯᠤᠯᠲᠠ ᠪᠠᠷ ᠰᠠᠯᠠᠭ᠎ᠠ ᠮᠥᠴᠢᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠪᠠᠷᠢᠮᠲᠠᠯᠠᠵᠤ᠂ 《 ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ + ᠨᠡᠶᠢᠭᠡᠮ ᠤᠨ ᠵᠠᠰᠠᠯᠲᠠ 》᠎ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ 《 ᠹᠧᠩ ᠴᠢᠶᠣᠤ ᠶᠢᠨ ᠲᠤᠷᠰᠢᠯᠭ᠎ᠠ 》 ᠎ ᠶᠢ ᠪᠠᠷᠢᠮᠲᠠᠯᠠᠨ ᠬᠥᠭᠵᠢᠭᠦᠯᠵᠦ᠂ ᠡᠯ᠎ᠡ ᠲᠥᠷᠥᠯ ᠤᠨ ᠡᠶᠡᠳᠡᠭᠦᠯᠬᠦ ᠬᠤᠯᠪᠣᠭᠠᠯᠠᠨ ᠪᠠᠶᠢᠭᠤᠯᠬᠤ ᠬᠤᠯᠪᠣᠭᠠᠯᠠᠨ ᠵᠠᠰᠠᠬᠤ ᠬᠤᠯᠪᠣᠭᠠᠯᠠᠨ ᠵᠣᠬᠢᠴᠠᠭᠤᠯᠬᠤ ᠠᠵᠢᠯ ᠤᠨ ᠰᠢᠰᠲ᠋ᠧᠮ ᠢ ᠪᠦᠷᠢᠨᠰᠢᠭᠦᠯᠵᠦ᠂ ᠨᠡᠶᠢᠭᠡᠮ ᠤᠨ ᠵᠥᠷᠢᠴᠡᠯ ᠢ ᠶᠡᠷᠦᠩᠬᠡᠶᠢᠯᠡᠨ ᠵᠠᠰᠠᠬᠤ ᠪᠠ ᠬᠠᠮᠢᠶᠠᠷᠤᠯᠲᠠ ᠶᠢ ᠬᠦᠴᠦᠨ ᠥᠬᠡᠶ ᠪᠣᠯᠭᠠᠬᠤ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠤ ᠪᠠᠴᠢᠮ ᠬᠦᠴᠢᠷ ᠵᠣᠪᠠᠭᠤᠷᠢ ᠬᠦᠰᠡᠯ ᠡᠷᠡᠮᠡᠯᠵᠡᠯ ᠤᠨ ᠠᠰᠠᠭᠤᠳᠠᠯ ᠢ ᠦᠨᠳᠦᠰᠦᠨ ᠱᠠᠲᠤᠨ ᠳᠤ ᠰᠢᠶᠳᠪᠦᠷᠢᠯᠡᠬᠦ ᠪᠠᠷ ᠴᠢᠷᠮᠠᠶᠢᠨ᠎ᠠ᠃ ᠬᠠᠤᠯᠢ ᠶᠣᠰᠣᠭᠠᠷ ᠲᠤᠭᠤᠷᠢᠭ ᠢᠶᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠬᠦ ᠠᠷᠠᠳ ᠤᠨ ᠬᠠᠤᠯᠢ ᠪᠠᠷ ᠵᠠᠰᠠᠬᠤ ᠦᠵᠡᠯ ᠤᠬᠠᠮᠰᠠᠷ ᠪᠠ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠰᠢᠭᠦᠬᠦ ᠬᠤᠷᠢᠶ᠎ᠠ ᠶᠢᠨ ᠭᠦᠢᠴᠡᠳᠬᠡᠬᠦ ᠡᠮᠬᠢ ᠵᠠᠮᠪᠠᠷᠠᠭ᠎ᠠ ᠦᠭᠡᠢ ᠪᠠᠶᠢᠳᠠᠯ ᠢ ᠡᠷᠡᠰ ᠠᠷᠢᠯᠭᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠪᠡ᠃      ᠣᠲᠣ ᠦᠶ᠎ᠡ ᠶᠢᠨ ᠠᠮᠤᠷ ᠲᠦᠪᠰᠢᠨ ᠤ ᠰᠢᠰᠲ᠋ᠧᠮ ᠢ ᠪᠠᠶᠢᠭᠤᠯᠤᠶ᠎ᠠ      ᠬᠠᠶᠢᠷᠤᠪ ᠤᠨ ᠲᠤᠬᠤᠢ ᠲᠣᠭᠤᠷᠢᠭ ᠤᠨ ᠬᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠩᠭᠤᠢ ᠪᠠᠷ ᠬᠥᠭᠵᠢᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨ ᠪᠣᠯᠭᠠᠨ᠂ ᠲᠥᠰᠦᠪ ᠤᠨ ᠬᠠᠮᠢᠶᠠᠷᠤᠯᠲᠠ ᠶᠢᠨ ᠳᠦᠷᠢᠮ ᠣᠨ ᠥᠭᠡᠷᠡᠴᠢᠯᠡᠯᠲᠡ ᠶᠢ ᠭᠦᠨᠵᠡᠭᠡᠢᠷᠡᠭᠦᠯᠵᠦ᠂ ᠲᠥᠰᠦᠪ ᠤᠨ ᠬᠢᠵᠠᠭᠠᠷᠯᠠᠯ ᠪᠠ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠭᠠᠷᠬᠤ ᠵᠠᠮ ᠡᠷᠢᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢᠨ ᠳᠠᠷᠤᠯᠲᠠ ᠎ ᠶᠢ ᠪᠦᠬᠦ ᠲᠠᠯ᠎ᠠ ᠪᠠᠷ ᠰᠢᠢᠳᠪᠦᠷᠢᠯᠡᠨ᠎ᠡ᠃ ᠳᠠᠶᠢᠰᠤᠩᠨᠠᠭᠴᠢ ᠬᠦᠴᠦᠨ ᠤ ᠨᠡᠪᠴᠢᠯᠲᠡ ᠬᠢᠬᠦ᠂ ᠡᠪᠳᠡᠯᠡᠭᠡ ᠬᠢᠬᠦ᠂ ᠨᠤᠷᠠᠭᠠᠬᠤ᠂ ᠬᠠᠭᠠᠴᠠᠭᠤᠯᠬᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠲᠡᠭᠦᠨ ᠳᠤ ᠴᠢᠩᠭ᠎ᠠ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ᠂ ᠰᠢᠨ᠎ᠡ ᠬᠡᠯᠪᠡᠷᠢ ᠶᠢᠨ ᠰᠦᠯᠵᠢᠶᠡᠨ ᠤ ᠶᠠᠯᠠᠲᠤ ᠠᠵᠢᠯᠯᠠᠭ᠎ᠠ ᠶᠢ ᠡᠷᠡᠰ ᠰᠡᠷᠭᠡᠶᠢᠯᠡᠨ ᠲᠡᠭᠦᠨ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠨ᠂ ᠬᠡᠲᠦᠷᠡᠮᠡᠬᠡᠢ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠠᠮᠤᠷ ᠠᠮᠤᠭᠤᠯᠠᠩ ᠬᠠᠶᠢᠷᠤᠪ ᠤᠨ ᠲᠤᠬᠤᠢ ᠶᠢᠨ ᠪᠦᠳᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠣᠯᠠᠨ ᠨᠡᠶᠢᠲᠡ ᠎ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠶᠤᠯ ᠥᠬᠡᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠢᠳᠡᠭᠡᠨ ᠪᠠ ᠡᠮ ᠤᠨ ᠵᠦᠶᠯ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠨᠡᠶᠢᠭᠡᠮ ᠤᠨ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠰᠢᠰᠲ᠋ᠧᠮ ᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠨ᠂ ᠴᠡᠷᠢᠭ ᠤᠨ ᠠᠯᠪᠠᠨ ᠠᠴᠠ ᠪᠠᠭᠤᠭᠰᠠᠳ ᠎ ᠤᠨ ᠠᠵᠢᠯ ᠤᠨ ᠰᠢᠰᠲ᠋ᠧᠮ ᠪᠠ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃      ᠣᠲᠣ ᠦᠶ᠎ᠡ ᠶᠢᠨ ᠣᠷᠴᠢᠨ ᠠᠬᠤᠶ ᠶᠢᠨ ᠵᠠᠰᠠᠯᠲᠠ ᠶᠢᠨ ᠰᠢᠰᠲ᠋ᠧᠮ ᠢ ᠪᠠᠶᠢᠭᠤᠯᠤᠶ᠎ᠠ     ᠬᠠᠶᠢᠷᠤᠪ ᠤᠨ ᠲᠤᠬᠤᠢ ᠲᠣᠭᠤᠷᠢᠭ ᠣᠷᠴᠢᠨ ᠲᠣᠭᠤᠷᠢᠨ ᠤ ᠵᠠᠰᠠᠯᠲᠠ ᠶᠢᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠬᠦᠯᠵᠤ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠢᠯᠡᠳᠪᠦᠷᠢᠯᠡᠯ ᠤᠨ ᠦᠢᠯᠡᠴᠢᠯᠡᠭᠡ ᠶᠢ ᠪᠣᠬᠢᠷᠲᠤᠯ ᠦᠭᠡᠢ ᠪᠣᠯᠭᠠᠬᠤ ᠶᠢ ᠠᠬᠢᠭᠤᠯᠤᠨ᠎ᠠ᠃ ᠣᠷᠴᠢᠨ ᠠᠬᠤᠢ ᠶᠢᠨ ᠵᠠᠰᠠᠯᠲᠠ ᠶᠢᠨ ᠬᠢᠨᠠᠨ ᠬᠠᠮᠢᠶᠠᠷᠬᠤ ᠰᠢᠰᠲ᠋ᠧᠮ ᠢ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠰᠢᠰᠲ᠋ᠧᠮ ᠤᠨ ᠪᠠᠶᠢᠭᠤᠯᠤᠯᠲᠠ᠂ ᠬᠠᠤᠯᠢ ᠪᠠᠷᠢᠬᠤ ᠪᠠᠲᠤᠯᠠᠭ᠎ᠠ ᠂ ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠷᠴᠢᠨ ᠠᠬᠤᠢ ᠶᠢᠨ ᠵᠠᠰᠠᠯᠲᠠ ᠶᠢᠨ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠤ ᠦᠢᠯᠡᠰ ᠎ ᠢ ᠲᠦᠷᠭᠡᠪᠴᠢᠯᠡᠨ ᠬᠥᠭᠵᠢᠭᠦᠯᠵᠦ᠂ ᠣᠷᠴᠢᠨ ᠠᠬᠤᠢ ᠶᠢᠨ ᠵᠠᠰᠠᠯᠲᠠ ᠶᠢᠨ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠦᠨ᠎ᠡ᠃ ᠣᠷᠴᠢᠨ ᠲᠣᠭᠤᠷᠢᠨ ᠤ ᠵᠠᠰᠠᠯᠲᠠ ᠶᠢᠨ ᠢᠲᠡᠭᠡᠮᠵᠢ ᠶᠢᠨ ᠰᠢᠰᠲ᠋ᠧᠮᠵᠢ ᠶᠢ ᠪᠦᠷᠢᠨᠰᠢᠬᠦᠯᠵᠦ᠂ ᠢᠲᠡᠭᠡᠮᠵᠢ ᠵᠢᠷᠤᠮᠯᠠᠭᠰᠠᠳ ᠢ ᠬᠠᠮᠲᠤᠷᠠᠨ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ ᠣᠷᠴᠢᠨ ᠲᠣᠭᠤᠷᠢᠨ ᠤ ᠵᠠᠰᠠᠯᠲᠠ ᠶᠢᠨ ᠪᠥᠬᠦ ᠠᠷᠠᠳ ᠤᠨ ᠠᠵᠢᠯᠯᠠᠭᠠᠨ ᠤ ᠰᠢᠰᠲ᠋ᠧᠮᠵᠢ ᠶᠢ ᠪᠦᠷᠢᠨᠰᠢᠬᠦᠯᠵᠦ᠂ ᠪᠥᠬᠦ ᠲᠠᠯ᠎ᠠ ᠶᠢᠨ ᠪᠣᠬᠢᠷᠲᠤᠯ ᠥᠬᠡᠶ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠪᠣᠬᠢᠷᠲᠤᠯ ᠥᠬᠡᠶ ᠠᠮᠢᠳᠤᠷᠠᠯ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠪᠥᠬᠦ ᠨᠡᠶᠢᠭᠡᠮ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠢ ᠴᠢᠩᠭᠠᠷᠠᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号