ᠰᠢᠨ᠎ᠡ ᠲᠠᠪᠤᠨ ᠵᠢᠯ ᠲᠡᠰᠢ ᠤᠷᠤᠭᠰᠢᠯᠠᠵᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠡᠷᠡᠭᠲᠡᠢ
ᠨᠡᠶᠢᠲᠡᠯᠡᠭᠰᠡᠨ ᠴᠠᠭ᠄
2021/8/3
    ᠰᠢᠨ᠎ᠡ ᠲᠠᠪᠤᠨ ᠵᠢᠯ᠃ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠳᠤ ᠬᠠᠶᠢᠷᠤᠪ ᠤᠨ ᠲᠤᠬᠤᠢ ᠬᠥᠳᠡᠯᠦᠯᠴᠡᠵᠦ ᠪᠠᠶᠢᠨ᠎ᠠ᠂ ᠳᠤᠮᠳᠠᠳᠤ ᠤᠯᠤᠰ ᠤᠨ ᠤᠴᠢᠷ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠎ ᠳᠤ ᠪᠤᠢ᠃ ᠬᠤᠶᠢᠰᠢᠳᠠ ᠶᠢᠨ ᠲᠠᠪᠤᠨ ᠵᠢᠯ ᠳᠤ᠂ ᠬᠠᠶᠢᠷᠤᠪ ᠤᠨ ᠲᠤᠬᠤᠢ ᠲᠣᠭᠤᠷᠢᠭ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠤᠳᠤᠷᠢᠳᠬᠤ ᠴᠢᠳᠠᠪᠤᠷᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂《 ᠲᠦᠷᠪᠡᠨ ᠤᠬᠠᠮᠰᠠᠷ 》᠎ ᠢᠶᠠᠨ ᠴᠢᠩᠭᠠᠳᠬᠠᠵᠤ᠂《 ᠲᠦᠷᠪᠡᠨ ᠢᠲᠡᠭᠡᠯ 》᠎ ᠢᠶᠠᠨ ᠪᠠᠲᠤᠳᠬᠠᠵᠤ᠂《 ᠬᠤᠶᠠᠷ ᠢ ᠬᠠᠮᠠᠭᠠᠯᠠᠬᠤ 》᠎ ᠶᠢ ᠪᠡᠶᠡᠯᠡᠭᠦᠯᠵᠦ᠂《 ᠬᠤᠶᠠᠷ ᠶᠡᠭᠡ ᠲᠠᠯ᠎ᠠ 》᠎ ᠶᠢ ᠰᠡᠳᠬᠢᠯ ᠳᠡᠭᠡᠨ ᠪᠤᠳᠤᠵᠤ᠂《 ᠤᠯᠤᠰ ᠤᠨ ᠶᠡᠭᠡ ᠲᠠᠯ᠎ᠠ 》᠎ ᠶᠢ ᠰᠡᠳᠬᠢᠯ ᠳᠡᠭᠡᠨ ᠪᠤᠳᠤᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠠᠮ ᠤᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃
    ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ  ᠴᠢᠩᠭᠠᠤᠡᠬᠠᠵᠤ᠂ ᠦᠨᠡᠨᠴᠢ ᠰᠢᠳᠤᠷᠭᠤ ᠡᠷᠡᠰ ᠪᠠᠲᠤ ᠤᠯᠤᠰ ᠲᠥᠷᠥ ᠶᠢᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠶ᠎ᠠ᠃      ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠣᠯ ᠨᠠᠮ ᠤᠨ ᠦᠨᠳᠦᠰᠦᠨ ᠴᠢᠨᠠᠷᠲᠠᠢ ᠪᠠᠶᠢᠭᠤᠯᠤᠯᠲᠠ ᠮᠥᠨ᠂ ᠬᠠᠶᠢᠷᠤᠪ ᠤᠨ ᠲᠤᠬᠤᠢ ᠲᠣᠭᠤᠷᠢᠭ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠪᠠ᠂ ᠪᠦᠬᠦ  ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠤᠬᠠᠮᠰᠠᠷᠲᠤ ᠴᠢᠨᠠᠷ ᠪᠠ ᠠᠵᠢᠯᠯᠠᠭᠠᠨ ᠤ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠶ᠂ ᠨᠠᠮ ᠤᠨ ᠤᠯᠤᠰ ᠲᠥᠷᠥ ᠶᠢᠨ ᠱᠤᠭᠤᠮ ᠢ ᠡᠷᠡᠰ ᠬᠡᠷᠡᠭᠵᠢᠭᠦᠯᠦᠨ᠎ᠡ᠂ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠵᠢᠷᠤᠮᠯᠠᠨ ᠰᠠᠬᠢᠬᠤ ᠬᠡᠷᠡᠭᠲᠡᠶ᠂ ᠥᠷᠭᠡᠨ ᠤᠯᠠᠨ ᠨᠠᠮ ᠎ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠮᠠᠰᠢ ᠤᠯᠠᠨ ᠰᠢᠨ᠎ᠡ ᠲᠡᠦᠬᠡᠨ ᠣᠨᠴᠠᠯᠢᠭ ᠲᠠᠢ ᠠᠭᠤᠤ ᠶᠡᠭᠡ ᠲᠡᠮᠡᠴᠡᠯ ᠳᠤ ᠤᠬᠠᠮᠰᠠᠷ ᠠᠴᠠ ᠪᠠᠨ ᠣᠷᠣᠯᠴᠠᠭᠤᠯᠬᠤ ᠬᠡᠷᠡᠭᠲᠡᠢ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠨ᠎ᠠ᠂ ᠨᠠᠮ ᠤᠨ ᠬᠤᠷᠢᠶᠠᠨ ᠤ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠰᠤᠳᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠂ ᠠᠷᠠᠳᠴᠢᠯᠠᠯ ᠲᠥᠪᠯᠡᠷᠡᠯ ᠎ ᠤᠨ ᠶᠣᠰᠣ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃     ᠦᠵᠡᠯ ᠰᠠᠨᠠᠭ᠎ᠠ ᠤᠨᠤᠯ ᠤᠨ ᠪᠠᠶᠢᠭᠤᠯᠤᠯᠲᠠ ᠶᠢ ᠴᠢᠩᠭᠠᠤᠡᠬᠠᠵᠤ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠪᠠ      ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ ᠪᠠᠶᠢᠬᠤ ᠨᠢ ᠤᠨᠤᠯ ᠤᠨ ᠲᠠᠯ᠎ᠠ ᠪᠠᠷ ᠰᠡᠷᠭᠡᠭ ᠪᠠᠶᠢᠬᠤ ᠠᠴᠠ ᠢᠷᠡᠯᠳᠠ ᠲᠠᠢ ᠶᠤᠮ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠶᠢ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠰᠢ ᠎ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠶᠢ ᠤᠷᠳᠤ ᠬᠤᠭᠤᠴᠠᠭᠠᠨ ᠤ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠵᠤ ᠪᠣᠳᠠᠲᠠᠢ ᠠᠳᠬᠤᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠦᠳᠦᠯᠥᠨ ᠳᠠᠭᠠᠭᠤᠯᠵᠤ ᠪᠠᠶᠢᠭᠠᠳ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠷ ᠰᠤᠷᠤᠯᠴᠠᠵᠥ᠂ ᠡᠭᠦᠷᠭᠡ ᠬᠠᠷᠢᠭᠤᠴᠠᠯᠭ᠎ᠠ ᠲᠠᠢ ᠪᠠᠷ ᠰᠤᠷᠤᠯᠴᠠᠵᠥ᠂ ᠪᠣᠳᠠᠲᠠᠢ ᠠᠰᠠᠭᠤᠳᠠᠯ ᠲᠠᠢ ᠪᠠᠷ ᠰᠤᠷᠤᠯᠴᠠᠵᠥ᠂ ᠤᠬᠠᠮᠰᠠᠷ ᠠᠴᠠ ᠪᠠᠨ ᠡᠪ ᠬᠠᠮᠲᠤ ᠶᠣᠰᠣᠨ ᠤ ᠠᠯᠤᠰ ᠬᠡᠳᠤ ᠶᠢᠨ ᠬᠦᠰᠡᠯᠡᠩ ᠪᠣᠯᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠤᠨ ᠪᠠᠲᠤ ᠴᠢᠩᠭ᠎ᠠ ᠰᠢᠲᠦᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ᠃      ᠺᠠᠳ᠋ᠷ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠤᠡᠬᠠᠵᠤ ᠠᠵᠢᠯ ᠬᠢᠵᠦ ᠦᠶᠯᠡᠰ ᠪᠤᠰᠬᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠶ᠎ᠡ      ᠬᠠᠶᠢᠷᠤᠪ ᠤᠨ ᠲᠤᠬᠤᠢ ᠲᠣᠭᠤᠷᠢᠭ ᠤᠨ ᠬᠢᠨ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠪᠠᠷᠢᠮᠵᠢᠶ᠎ᠠ ᠶᠢ ᠳᠤᠪᠤᠶᠢᠯᠭᠠᠵᠤ᠂ ᠺᠠᠳ᠋ᠷ ᠤᠨ ᠬᠡᠪ ᠪᠣᠯᠪᠠᠰᠤᠷᠠᠯ ᠢ ᠬᠥᠮᠦᠵᠢᠭᠦᠯᠬᠦ᠂ ᠬᠡᠷᠡᠭ ᠤᠴᠢᠷ ᠢ ᠤᠢᠢᠯᠠᠭᠠᠨ ᠬᠥᠮᠦᠨ ᠢ ᠲᠠᠨᠢᠬᠤ ᠂ ᠰᠢᠯᠢᠨ ᠳᠡᠪᠰᠢᠭᠦᠯᠵᠦ ᠬᠡᠷᠡᠭᠯᠡᠬᠦ᠂ ᠴᠢᠩᠭ᠎ᠠ ᠬᠠᠮᠢᠶᠠᠷᠬᠤ ᠪᠠ ᠵᠥᠪ ᠴᠢᠭᠯᠡᠯ ᠢᠶᠠᠷ ᠤᠷᠮᠠᠰᠢᠭᠤᠯᠬᠤ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠪᠡ᠃ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠺᠠᠳ᠋ᠷ ᠢ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠥᠭᠵᠢᠯᠲᠡ ᠶᠢᠨ ᠳᠤᠮᠳᠠᠬᠢ ᠪᠠᠴᠢᠮ ᠬᠦᠴᠢᠷ ᠠᠶᠤᠯ ᠲᠠᠢ ᠬᠦᠨᠳᠦ ᠡᠭᠦᠷᠭᠡ ᠪᠣᠯᠤᠨ ᠤᠯᠠᠨ ᠲᠦᠮᠡᠨ ᠤ ᠪᠠᠴᠢᠮ ᠬᠦᠴᠢᠷ ᠵᠣᠪᠠᠨᠢᠯ ᠬᠦᠰᠡᠯ ᠡᠷᠡᠮᠡᠯᠵᠡᠯ ᠤᠨ ᠠᠰᠠᠭᠤᠳᠠᠯ ᠢ ᠰᠢᠢᠳᠪᠦᠷᠢᠯᠡᠬᠦ ᠪᠠᠷ ᠪᠠᠷᠢᠮᠵᠢᠶ᠎ᠠ ᠪᠣᠯᠭᠠᠵᠤ ᠰᠠᠯᠠᠭ᠎ᠠ ᠮᠥᠴᠢᠷ ᠤᠨ ᠬᠢᠨᠠᠨ ᠰᠢᠯᠭᠠᠯᠲᠠ᠂ ᠺᠠᠳ᠋ᠷ ᠤᠨ ᠬᠢᠨᠠᠨ ᠰᠢᠯᠭᠠᠯᠲᠠ ᠎ ᠶᠢ ᠬᠡᠮᠵᠢᠶᠡᠵᠢᠭᠦᠯᠵᠦ᠂ ᠺᠠᠳ᠋ᠷ ᠢ ᠬᠦᠳᠦᠯᠥᠨ ᠳᠠᠭᠠᠭᠤᠯᠵᠤ ᠤᠷᠮᠠᠰᠢᠭᠤᠯᠤᠨ ᠵᠣᠷᠢᠭᠵᠢᠭᠤᠯᠵᠤ ᠪᠠᠶᠢᠭᠠᠳ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠤᠳᠤᠷᠢᠳᠬᠤ ᠴᠢᠳᠠᠪᠤᠷᠢ ᠲᠠᠢ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃      ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠬᠡᠷᠡᠭᠲᠡᠶ     ᠬᠠᠶᠢᠷᠤᠪ ᠤᠨ ᠲᠤᠬᠤᠢ ᠲᠣᠭᠤᠷᠢᠭ ᠤᠨ ᠬᠢᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠬᠤ ᠠᠵᠢᠯ ᠎ ᠤᠨ ᠲᠣᠭᠲᠠᠴᠠ ᠶᠢ ᠪᠠᠷᠢᠮᠲᠠᠯᠠᠵᠤ᠂ ᠤᠯᠤᠰ ᠲᠦᠷᠦ ᠶᠢᠨ ᠪᠠᠶᠢᠭᠤᠯᠤᠯᠲᠠ ᠶᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠡᠷᠢᠭᠦᠨ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠎ ᠤ 《 ᠲᠠᠪᠤ ᠶᠢ ᠬᠠᠮᠵᠢᠯᠴᠠᠭᠤᠯᠬᠤ᠂ ᠦᠨᠳᠦᠰᠦᠨ ᠱᠠᠳᠤ ᠶᠢ ᠶᠡᠬᠡᠪᠡᠷ ᠠᠳᠬᠤᠬᠤ 》 ᠵᠢᠯᠣᠭᠤᠳᠬᠤ ᠰᠠᠨᠠᠯ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ 《 ᠵᠢᠷᠭᠤᠭ᠎ᠠ ᠶᠢ ᠠᠳᠬᠤᠵᠤ ᠵᠢᠷᠭᠤᠭ᠎ᠠ ᠶᠢ ᠳᠡᠭᠡᠭᠰᠢᠯᠡᠭᠦᠯᠬᠦ 》 ᠨᠠᠮ ᠤᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠣᠪᠣᠷ ᠢᠯᠡ ᠲᠣᠳᠣ᠂ ᠵᠣᠭᠰᠣᠯᠲᠠ ᠪᠠᠲᠤ᠂ ᠠᠵᠢᠯᠯᠠᠭ᠎ᠠ ᠶᠢᠨ ᠤᠬᠠᠮᠰᠠᠷ ᠢ ᠢᠮᠠᠭᠲᠠ ᠪᠡᠶᠡᠯᠡᠭᠦᠯᠬᠦ ᠶᠢ ᠠᠬᠢᠭᠤᠯᠪᠠ᠃ ᠨᠠᠮ ᠪᠣᠯᠤᠨ ᠠᠷᠠᠳ ᠤᠯᠠᠨ ᠤ ᠴᠢᠰᠤ ᠮᠢᠬᠠᠨ ᠤ ᠪᠠᠷᠢᠯᠳᠤᠯᠭ᠎ᠠ ᠶᠢ ᠪᠠᠲᠤᠯᠠᠬᠤ ᠪᠠᠷ ᠦᠨᠳᠦᠰᠦᠨ ᠠᠷᠭ᠎ᠠ ᠵᠠᠮ ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ᠂ ᠺᠠᠳ᠋ᠷ ᠤᠨ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠲᠣᠭᠲᠠᠴᠠ ᠶᠢ ᠪᠦᠷᠢᠨᠰᠢᠬᠦᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠬᠦᠳᠦᠯᠦᠨ ᠳᠠᠭᠠᠭᠤᠯᠬᠤ ᠠᠴᠢᠶᠠᠯᠠᠪᠤᠷᠢ ᠶᠢ ᠰᠠᠶᠢᠲᠤᠷ ᠬᠡᠷᠡᠭᠯᠡᠵᠦ᠂ 《 ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ 》 ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ᠃       ᠨᠠᠮ ᠤᠨ ᠰᠤᠷᠲᠠᠯ ᠴᠢᠬᠡᠴᠢ ᠵᠠᠰᠠᠭ ᠣᠨ ᠪᠠᠶᠢᠭᠤᠯᠤᠯᠲᠠ ᠶᠢ ᠴᠢᠩᠭᠠᠳᠬᠠᠨ᠎ᠠ      ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠡᠭᠦᠷᠢᠳᠡ ᠵᠤᠬᠰᠤᠰᠢ ᠦᠭᠡᠢ᠂ ᠬᠠᠶᠢᠷᠤᠪ ᠤᠨ ᠲᠤᠬᠤᠢ ᠲᠣᠭᠤᠷᠢᠭ ᠢᠮᠠᠭᠲᠠ ᠨᠠᠮ ᠨᠢ ᠨᠠᠮ ᠢᠶᠠᠨ ᠬᠠᠮᠢᠶᠠᠷᠬᠤ᠂ ᠨᠠᠮ ᠢ ᠴᠢᠩᠭ᠎ᠠ ᠵᠠᠰᠠᠬᠤ ᠶᠢ ᠰᠤᠯᠠᠷᠠᠭᠤᠯᠤᠯ ᠦᠭᠡᠢ ᠪᠠᠷᠢᠮᠲᠠᠯᠠᠵᠤ᠂ ᠴᠥᠬᠦᠷᠡᠰᠢ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ 《 ᠲᠦᠷᠪᠡᠨ ᠰᠤᠷᠲᠠᠯ 》᠎ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠨᠠᠮ ᠤᠨ ᠰᠢᠯᠢᠳᠡᠭ ᠤᠯᠠᠮᠵᠢᠯᠠᠯ ᠪᠣᠯᠤᠨ ᠰᠤᠷᠲᠠᠯ ᠢ ᠵᠠᠯᠭᠠᠮᠵᠢᠯᠠᠨ ᠪᠠᠳᠠᠷᠠᠭᠤᠯᠵᠠᠢ᠃ᠢᠯᠵᠠᠷᠠᠯ ᠢ ᠵᠠᠯᠬᠠᠭᠠᠨ ᠰᠢᠢᠳᠬᠡᠬᠦ ᠲᠠᠯ᠎ᠠ ᠪᠠᠷ ᠬᠦᠴᠦᠲᠡᠢ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠲᠤᠯᠠᠵᠤ᠂ ᠬᠤᠷᠢᠭᠠᠲᠤ ᠣᠷᠣᠨ ᠦᠭᠡᠢ᠂ ᠪᠦᠬᠦᠨ ᠢ ᠬᠠᠮᠤᠷᠬᠤ᠂ ᠤᠭᠲᠤ ᠠᠭᠤᠴᠢᠯᠠᠬᠤ ᠦᠭᠡᠢ ᠪᠠᠶᠢᠬᠤ ᠶᠢ ᠪᠠᠷᠢᠮᠲᠠᠯᠠᠵᠤ᠂ ᠬᠤᠷᠢᠭᠯᠠᠬᠤ ᠶᠢ ᠴᠢᠬᠤᠯᠠᠴᠢᠯᠠᠬᠤ ᠂ ᠬᠦᠴᠦᠲᠡᠢ ᠳᠠᠷᠤᠯᠲᠠ ᠦᠵᠡᠭᠦᠯᠬᠦ᠂ ᠤᠷᠲᠤ ᠬᠤᠭᠤᠴᠠᠭ᠎ᠠ ᠪᠠᠷ ᠰᠦᠷᠳᠡᠭᠦᠯᠬᠦ ᠶᠢ ᠪᠠᠷᠢᠮᠲᠠᠯᠠᠨ᠎ᠠ᠃ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠡᠷᠡᠰ ᠪᠡᠶᠡᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠎ ᠶᠢ ᠪᠠᠶᠢᠩᠭᠤᠵᠢᠭᠤᠯᠬᠤ ᠶᠢ ᠠᠬᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠤᠯᠤᠰ ᠲᠦᠷᠦ ᠎ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠦᠨ ᠰᠡᠷᠭᠦᠭᠡᠵᠦ᠂ ᠠᠷᠠᠳ ᠤᠯᠠᠨ ᠳᠤ ᠴᠠᠭ ᠢᠮᠠᠭᠲᠠ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号