ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠾᠧ ᠫᠢᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/4
  ᠬᠢᠵᠢᠭ ᠤᠨ ᠪᠠᠶᠢᠳᠠᠯ ᠤᠨ ᠳᠠᠬᠢᠨ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠃ 7 ᠰᠠᠷ᠎ᠠ ᠶᠢᠨ 30᠎ ᠤ ᠡᠳᠦᠷ᠂ ᠾᠧ ᠫᠢᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠠᠴᠠ᠂ ᠬᠠᠷᠢᠶ᠎ᠠ ᠣᠷᠣᠨ ᠤ ᠵᠣᠴᠢᠳ ᠤᠨ ᠪᠠᠭᠤᠳᠠᠯ᠂ ᠬᠤᠭᠤᠯᠠᠨ ᠭᠡᠷ ᠵᠡᠷᠭᠡ ᠢᠳᠡᠭᠡᠨ ᠤᠮᠳᠠᠭᠠᠨ ᠤ ᠨᠢᠭᠡᠴᠢ ᠳᠤ ᠤᠬᠠᠭᠤᠯᠭ᠎ᠠ ᠪᠠ ᠪᠠᠶᠢᠴᠠᠭᠠᠯᠲᠠ ᠬᠢᠬᠦ ᠪᠠᠨ ᠴᠢᠩᠭᠠᠳᠬᠠᠵᠤ᠂ ᠢᠯᠠᠩᠭᠤᠶ᠎ᠠ ᠬᠦᠢᠳᠡᠨ ᠢᠶᠠᠷ ᠬᠠᠳᠠᠭᠠᠯᠠᠬᠤ ᠬᠡᠯᠬᠢᠶ᠎ᠡ ᠳᠤ ᠬᠤᠯᠪᠣᠭᠳᠠᠬᠤ ᠬᠤᠳᠠᠯᠳᠤᠭᠠᠴᠢᠨ ᠡᠷᠦᠬᠡ ᠭᠤᠣᠯᠳᠠᠯᠭ᠎ᠠ ᠲᠠᠢ ᠪᠠᠶᠢᠴᠠᠭᠠᠬᠤ ᠬᠡᠷᠡᠭᠲᠡᠢ᠃ ᠰᠦᠯᠵᠢᠶᠡᠴᠢᠨ ᠡᠳᠦᠷ ᠪᠦᠷᠢ ᠠᠵᠤ ᠠᠬᠤᠶᠢᠯᠠᠯ ᠤᠨ ᠸᠢᠴᠠᠲ ᠤᠨ ᠴᠤᠭᠯᠠᠷᠠᠯ᠂ ᠰᠠᠭᠤᠭᠠᠯᠢ ᠠᠷᠠᠳ ᠤᠨ ᠸᠢᠴᠠᠲ ᠤᠨ ᠴᠤᠭᠯᠠᠷᠠᠯ ᠳᠤ ᠬᠢᠵᠢᠭ ᠤᠨ ᠪᠠᠶᠢᠳᠠᠯ ᠤᠨ ᠵᠠᠷᠯᠠᠯ ᠨᠡᠶᠢᠲᠡᠯᠡᠬᠦ ᠶᠢ ᠪᠠᠷᠢᠮᠳᠠᠯᠠᠨ᠎ᠠ᠃ ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠤᠨ ᠳᠡᠩᠰᠡᠯᠡᠨ ᠲᠡᠮᠳᠡᠭᠯᠡᠭᠰᠡᠨ ᠪᠠᠶᠢᠳᠠᠯ ᠳᠤ᠂ ᠪᠤᠴᠠᠵᠤ ᠢᠷᠡᠭᠰᠡᠨ ᠬᠥᠮᠦᠰ ᠤᠨ ᠲᠣᠰ ᠪᠡᠶ᠎ᠡ ᠪᠣᠯᠤᠨ ᠡᠷᠬᠢᠨ ᠲᠣᠭᠤᠷᠢᠨ ᠎ ᠤ ᠬᠥᠮᠦᠰ ᠤᠨ ᠬᠠᠮᠲᠤ ᠶᠢᠨ ᠠᠮᠤᠷ ᠲᠦᠪᠰᠢᠨ ᠢ ᠪᠠᠲᠤᠯᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠵᠤ ᠪᠣᠳᠠᠲᠠᠶ ᠠᠳᠬᠤᠵᠤ ᠰᠠᠶᠢᠲᠤᠷ ᠠᠳᠬᠤᠵᠤ᠂ ᠬᠥᠮᠦᠰ ᠤᠨ ᠶᠠᠪᠤᠵᠤ ᠰᠠᠭᠤᠭᠰᠠᠨ ᠪᠠᠶᠢᠳᠠᠯ ᠢ ᠣᠶᠢᠯᠠᠭᠠᠵᠤ᠂ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ ᠶᠢ ᠦᠨᠡᠨ ᠬᠦ ᠪᠠᠲᠤᠯᠠᠬᠤ ᠬᠡᠷᠡᠭᠲᠡᠶ᠃
     ᠡᠴᠦᠰ ᠲᠤ᠂ ᠾᠧ ᠫᠢᠩ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠢᠦ᠋ᠢ ᠬᠤᠸᠠ ᠨᠥᠬᠦᠷ ᠡᠨᠡ ᠤᠳᠠᠭ᠎ᠠ ᠶᠢᠨ ᠬᠤᠷᠠᠯ ᠤᠨ ᠲᠤᠬᠠᠢ ᠳ᠋ᠦᠩᠨᠡᠯᠲᠡ ᠬᠢᠵᠡᠢ᠃ ᠵᠠᠪᠠᠯ《ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ 》ᠬᠡᠷᠡᠭᠲᠡᠢ᠂ ᠪᠦᠬᠦ ᠠᠵᠢᠯᠲᠠᠳ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠬᠤᠪᠢᠷᠠᠰᠢ ᠦᠭᠡᠢ ᠪᠠᠷ ᠲᠦᠮᠡᠨ ᠬᠤᠪᠢᠷᠠᠯᠲᠠ ᠶᠢ ᠠᠷᠭᠠᠴᠠᠭᠠᠵᠤ᠂ ᠥᠷᠭᠡᠨ ᠤᠯᠠᠨ ᠰᠠᠭᠤᠭᠠᠯᠢ ᠠᠷᠠᠳ ᠤᠨ ᠠᠮᠢ ᠨᠠᠰᠤᠨ ᠤ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号