ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠡᠯ᠎ᠡ ᠵᠦᠢᠯ ᠤᠨ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠠᠷᠠᠳ ᠢᠶᠠᠷ ᠢᠶᠠᠨ | ᠣᠷᠣᠯᠴᠠᠭᠰᠠᠨ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠥᠳᠬᠡᠨ ᠵᠤᠵᠠᠭᠠᠨ ᠠᠭᠤᠷ | ᠠᠮᠢᠰᠬᠤᠯ ᠢ ᠪᠤᠢ ᠪᠣᠯᠭᠠᠵᠤ᠂ ᠤᠯᠠᠨ ᠲᠦᠮᠡᠨ ᠤ ᠮᠡᠳᠡᠬᠦ ᠨᠤᠷᠮ᠎ᠠ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ | ᠶᠢᠨ ᠲᠥᠯᠥᠭᠡ᠂ ᠤᠢᠢᠷ᠎ᠠ ᠶᠢᠨ ᠡᠳᠦᠷ᠂ ᠯᠢᠨ ᠶᠢᠨ ᠵᠡᠭᠡᠯᠢ ᠭᠤᠳᠤᠮᠵᠢ ᠶᠢᠨ ᠬᠠᠢ ᠰᠢᠨ ᠨᠡᠶᠢᠭᠡᠮ ᠲᠣᠭᠤᠷᠢᠭ ᠠᠴᠠ | ᠬᠠᠷᠢᠶ᠎ᠠ ᠲᠣᠭᠤᠷᠢᠭ ᠤᠨ ᠬᠠᠷᠢᠶᠠᠨ ᠳᠠᠬᠢ ᠬᠠᠷᠢᠶᠠᠨ ᠳᠠᠬᠢ ᠠᠷᠠᠳ ᠤᠨ ᠴᠠᠭᠳᠠᠭ᠎ᠠ᠂ ᠠᠳᠠᠯ ᠠᠬᠤᠢ ᠶᠢᠨ ᠺᠣᠮᠫᠠᠨᠢ᠂ | ᠬᠠᠷᠢᠶ᠎ᠠ ᠲᠣᠭᠤᠷᠢᠭ ᠤᠨ ᠲᠣᠣᠷᠵᠢᠭᠤᠯᠤᠭᠴᠢ᠂ ᠰᠠᠭᠤᠭᠠᠯᠢ ᠠᠷᠠᠳ ᠤᠨ ᠲᠥᠯᠥᠭᠡᠯᠡᠭᠴᠢ ᠶᠢ ᠵᠣᠬᠢᠶᠠᠨ | ᠪᠠᠶᠢᠭᠤᠯᠵᠤ《 ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠳᠤ ᠬᠠᠮᠲᠤ ᠪᠠᠷ ᠣᠷᠣᠯᠴᠠᠵᠤ᠂ ᠰᠠᠶᠢᠨ | ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ 》 ᠰᠣᠶᠣᠯ ᠪᠡᠶ᠎ᠡ ᠶᠢᠨ ᠲᠠᠮᠢᠷ ᠤᠨ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠵᠦ᠂ ᠨᠡᠶᠢᠳᠡ 40 ᠭᠠᠷᠤᠢ ᠬᠥᠮᠦᠨ ᠣᠷᠣᠯᠴᠠᠪᠠ᠃ | ᠠᠵᠢᠯᠯᠠᠭ᠎ᠠ ᠶᠢᠨ ᠰᠢᠨ᠎ᠡ ᠬᠡᠯᠪᠡᠷᠢ ᠶᠢ ᠡᠭᠦᠳᠴᠦ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠬᠠᠮᠢᠶ᠎ᠠ ᠪᠦᠬᠦᠢ ᠤᠬᠠᠭᠤᠯᠭ᠎ᠠ ᠶᠢᠨ ᠠᠭᠤᠯᠭ᠎ᠠ ᠪᠣᠯᠤᠨ ᠤᠷᠤᠯᠳᠤᠭᠠᠨ ᠵᠤᠭ᠎ᠠ ᠴᠡᠩᠭᠡᠯ ᠢ | ᠤᠶᠠᠯᠳᠤᠭᠤᠯᠵᠤ᠂ ᠰᠡᠳᠬᠢᠯ ᠨᠢᠭᠡᠳᠦᠨ ᠬᠡᠩᠭᠡᠷᠭᠡ ᠳᠡᠯᠡᠳᠬᠦ᠂ ᠮᠢᠩᠭᠠᠨ ᠭᠠᠵᠠᠷ ᠤᠨ ᠬᠤᠯᠠ ᠠᠴᠠ ᠪᠥᠮᠪᠦᠭᠡ | ᠳᠠᠮᠵᠢᠭᠤᠯᠬᠤ᠂ ᠬᠦᠴᠦ ᠪᠠᠨ ᠬᠠᠮᠲᠤᠳᠬᠠᠨ ᠠᠰᠠᠷ ᠪᠠᠷᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ 4 | ᠲᠦᠷᠦᠯ ᠵᠦᠢᠯ ᠢ ᠪᠠᠶᠢᠭᠤᠯᠵᠤ᠂ ᠲᠦᠷᠦᠯ ᠵᠦᠢᠯ ᠨᠢᠭᠡᠪᠦᠷᠢ ᠨᠢ ᠬᠥᠮᠦᠰ ᠤᠨ ᠰᠡᠳᠬᠢᠯ ᠢ ᠳᠣᠭᠳᠣᠯᠤᠭᠤᠯᠵᠤ᠂ | ᠤᠷᠮ᠎ᠠ ᠪᠠᠬ᠎ᠠ ᠶᠢ ᠬᠥᠭᠵᠢᠭᠡᠵᠦ᠂ ᠥᠷᠢᠰᠥᠯᠳᠦᠭᠡᠨ ᠤ ᠴᠢᠨᠠᠷ ᠪᠣᠯᠤᠨ ᠪᠦᠯᠬᠦᠮᠴᠢ ᠴᠢᠨᠠᠷ ᠢᠶᠠᠷ ᠪᠢᠯᠬᠠᠮ᠎ᠠ ᠪᠣᠯᠵᠠᠢ᠃ | ᠤᠷᠤᠯᠳᠤᠭᠠᠨ ᠳᠤ ᠣᠷᠣᠯᠴᠠᠭᠰᠠᠳ ᠠᠩᠬᠠᠷᠤᠯ ᠢᠶᠠᠨ ᠲᠥᠪᠯᠡᠷᠡᠭᠦᠯᠦᠨ ᠣᠷᠣᠯᠴᠠᠵᠤ᠂ ᠬᠦᠴᠦ ᠬᠥᠯᠥᠰᠥ ᠪᠠᠨ | ᠤᠷᠤᠰᠬᠠᠨ᠂ ᠬᠤᠷᠳᠤᠴᠠ ᠪᠠᠨ ᠨᠢᠭᠡᠳᠬᠡᠵᠦ᠂ ᠪᠦᠯᠬᠦᠮ ᠢᠶᠠᠷ ᠢᠶᠠᠨ ᠬᠠᠮᠵᠢᠯᠴᠠᠵᠤ᠂ ᠮᠠᠰᠢ ᠬᠦᠷ ᠬᠥᠭᠵᠢᠶᠡᠨ ᠲᠠᠢ | ᠪᠠᠶᠢᠯ᠎ᠠ᠃ ᠣᠯᠠᠨ ᠢᠶᠠᠷ ᠢᠶᠠᠨ᠂ ᠰᠣᠨᠢᠷᠬᠠᠯᠲᠠᠶ ᠤᠷᠤᠯᠳᠤᠭᠠᠨ ᠤ ᠲᠥᠷᠥᠯ ᠵᠦᠶᠯ ᠨᠢ ᠰᠡᠳᠬᠢᠯ ᠰᠠᠨᠠᠭ᠎ᠠ ᠪᠠᠨ | ᠲᠠᠶᠢᠪᠤᠰᠢᠷᠠᠭᠤᠯᠵᠤ᠂ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠢ ᠨᠡᠮᠡᠭᠳᠡᠭᠦᠯᠪᠡ ᠭᠡᠵᠦ ᠢᠯᠡᠳᠬᠡᠵᠡᠭᠡᠪᠡ᠃ | ᠠᠵᠢᠯᠯᠠᠭ᠎ᠠ ᠡᠷᠭᠢᠯᠡᠬᠦ ᠨᠢ ᠬᠤᠲᠠ ᠶᠢᠨ ᠬᠡᠪᠴᠢᠶᠡᠨ ᠤ ᠵᠠᠰᠠᠯᠲᠠ ᠶᠢᠨ ᠬᠠᠮᠢᠶ᠎ᠠ ᠪᠥᠬᠦᠶ ᠠᠭᠤᠯᠭ᠎ᠠ ᠶᠢ ᠤᠯᠠᠮ | ᠨᠢᠭᠡ ᠠᠯᠬᠤᠮ ᠤᠬᠠᠭᠤᠯᠵᠤ᠂ ᠨᠡᠶᠢᠭᠡᠮ ᠲᠣᠭᠤᠷᠢᠭ ᠪᠠ ᠰᠠᠭᠤᠭᠠᠯᠢ ᠠᠷᠠᠳ ᠤᠨ ᠬᠤᠭᠤᠷᠣᠨᠳᠣᠬᠢ ᠵᠠᠶ ᠶᠢ | ᠣᠶᠢᠷᠠᠲᠤᠭᠤᠯᠵᠤ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠡᠶᠡᠲᠡᠶ ᠪᠣᠯᠭᠠᠬᠤ᠂ ᠨᠡᠶᠢᠭᠡᠮ ᠲᠣᠭᠤᠷᠢᠭ ᠤᠨ | ᠨᠢᠭᠲᠠᠷᠠᠯ ᠤᠨ ᠬᠦᠴᠦᠨ ᠢ ᠨᠡᠮᠡᠭᠳᠡᠭᠦᠯᠬᠦ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠲᠤ ᠬᠠᠷᠢᠶᠠᠯᠠᠭᠳᠠᠬᠤ | ᠰᠡᠳᠬᠢᠯᠭᠡ ᠪᠠ ᠮᠡᠳᠡᠷᠡᠬᠦ ᠰᠡᠳᠬᠢᠯᠭᠡ ᠶᠢ ᠴᠢᠩᠭᠠᠳᠬᠠᠬᠤ ᠳᠤ ᠢᠳᠡᠪᠬᠢᠲᠡᠶ ᠠᠬᠢᠭᠤᠯᠬᠤ ᠦᠶᠯᠡᠳᠦᠯ ᠦᠵᠡᠭᠦᠯᠪᠡ᠃ | ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ | ᠪᠣᠯ ᠬᠠᠤᠯᠢᠵᠢᠯ᠂ ᠠᠮᠤᠷ ᠠᠮᠤᠭᠤᠯᠠᠩ ᠬᠠᠶᠢᠷᠤᠪ ᠤᠨ ᠲᠤᠬᠤᠢ ᠶᠢ ᠪᠦᠳᠦᠬᠡᠨ ᠪᠠᠶᠢᠭᠤᠯᠬᠤ ᠶᠢᠨ ᠳᠣᠲᠣᠭᠠᠳᠤ | ᠱᠠᠭᠠᠷᠳᠠᠯᠭ᠎ᠠ ᠪᠣᠯᠤᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠠᠷᠢᠭᠤᠴᠠᠯᠭ᠎ᠠ ᠡᠭᠦᠷᠭᠡᠯᠡᠯ ᠢᠶᠠᠨ | ᠢᠳᠡᠪᠬᠢᠲᠡᠢ ᠴᠢᠩᠭᠠᠳᠬᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠠᠷᠢᠨ ᠨᠢᠮᠪᠠᠢ | ᠲᠤᠬᠢᠷᠠᠭᠤᠯᠤᠨ ᠪᠠᠶᠢᠷᠢᠯᠠᠭᠤᠯᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠲᠦᠷᠭᠡᠨ ᠨᠥᠬᠦᠪᠥᠷᠢᠯᠡᠵᠦ᠂ ᠵᠠᠰᠠᠯᠲᠠ ᠶᠢᠨ | ᠲᠦᠪᠰᠢᠨ ᠢᠶᠠᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠬᠤᠳᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠤᠨ ᠰᠢᠨ᠎ᠡ ᠪᠠᠶᠢᠳᠠᠯ ᠢ | ᠢᠳᠡᠪᠬᠢᠲᠡᠢ ᠡᠭᠦᠳᠬᠦ ᠬᠡᠷᠡᠭᠲᠡᠢ᠃ |