ᠪᠢᠴᠢᠭ ᠤᠨ ᠦᠨᠦᠷ ᠠᠮᠲᠠ ᠴᠡᠷᠢᠭ ᠤᠨ ᠬᠤᠸᠠᠷᠠᠨ ᠳᠤ ᠤᠷᠤᠵᠤ  ᠰᠣᠶᠣᠯ ᠨᠢ ᠴᠡᠷᠢᠭ ᠤᠨ ᠰᠡᠳᠬᠢᠯ ᠢ ᠤᠮᠳᠠᠯᠠᠨ᠎ᠠ
ᠨᠡᠶᠢᠲᠡᠯᠡᠭᠰᠡᠨ ᠴᠠᠭ᠄
2021/8/4
     2021 ᠣᠨ ᠤ ᠪᠥᠬᠦ ᠠᠷᠠᠳ ᠤᠨ ᠤᠩᠰᠢᠯᠭ᠎ᠠ ᠶᠢᠨ ᠰᠢᠷᠢᠰ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠦᠨᠳᠦᠰᠦᠨ ᠱᠠᠲᠤᠨ ᠤ ᠳᠠᠷᠤᠭ᠎ᠠ ᠪᠠᠶᠢᠯᠳᠤᠭᠴᠢᠳ ᠤᠨ ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠎ ᠢ ᠬᠥᠮᠦᠵᠢᠭᠦᠯᠬᠦ ᠶᠢᠨ ᠲᠥᠯᠥᠭᠡ᠂ ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠨᠣᠮ ᠤᠨ ᠰᠠᠩ ᠵᠡᠪᠰᠡᠭᠲᠦ ᠴᠠᠭᠳᠠᠭ᠎ᠠ ᠶᠢᠨ ᠦᠬᠠᠶ ᠶᠢᠨ ᠰᠠᠯᠪᠤᠷᠢ ᠠᠩᠭᠢ ᠶᠢᠨ ᠪᠡᠯᠡᠳᠬᠡᠯ ᠨᠢᠭᠡᠳᠦᠭᠡᠷ ᠳᠤᠮᠳᠠ ᠠᠩᠭᠢ ᠲᠠᠢ ᠬᠠᠮᠲᠤᠷᠠᠨ 《 ᠵᠠᠭᠤᠨ ᠵᠢᠯ ᠤᠨ ᠠᠶᠠᠨ ᠢᠶᠠᠨ ᠡᠬᠢᠯᠡᠭᠦᠯᠵᠦ 〈 ᠨᠠᠶᠮᠠᠨ ᠰᠠᠷ᠎ᠠ ᠶᠢᠨ ᠨᠢᠭᠡᠨ 〉᠎ ᠢ ᠪᠡᠯᠭᠡᠯᠡᠬᠦ 》 ᠶᠠᠷᠢᠶ᠎ᠠ ᠢᠯᠡᠳᠬᠡᠯ ᠤᠨ ᠤᠷᠤᠯᠳᠤᠭᠠᠨ ᠵᠢᠴᠢ ᠴᠡᠷᠢᠭ ᠤᠨ ᠬᠤᠸᠠᠷᠠᠨ ᠳᠤ ᠬᠦᠷᠴᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠵᠡᠪᠰᠡᠭᠲᠦ ᠴᠠᠭᠳᠠᠭ᠎ᠠ ᠶᠢᠨ ᠦᠬᠠᠶ ᠶᠢᠨ ᠰᠠᠯᠪᠤᠷᠢ ᠠᠩᠭᠢ ᠶᠢᠨ ᠪᠡᠯᠡᠳᠬᠡᠯ ᠨᠢᠭᠡᠳᠦᠭᠡᠷ ᠳᠤᠮᠳᠠ ᠠᠩᠭᠢ ᠶᠢᠨ ᠪᠥᠬᠦ ᠳᠠᠷᠤᠭ᠎ᠠ ᠪᠠᠶᠢᠯᠳᠤᠭᠴᠢ᠂ ᠬᠠᠶᠢᠷᠤᠪ ᠤᠨ ᠲᠣᠬᠤᠶ ᠲᠣᠭᠤᠷᠢᠭ ᠤᠨ ᠨᠣᠮ ᠤᠨ ᠰᠠᠩ ᠤᠨ ᠠᠵᠢᠯᠲᠠᠳ ᠲᠣᠰ ᠠᠵᠢᠯᠯᠠᠭ᠎ᠠ ᠳᠤ ᠣᠷᠣᠯᠴᠠᠪᠠ᠃
     ᠤᠷᠤᠯᠳᠤᠭᠠᠨ ᠤ ᠲᠤᠬᠠᠶ ᠶᠢᠨ ᠲᠠᠯᠠᠪᠠᠶ ᠳᠤ᠂ ᠵᠡᠪᠰᠡᠭᠲᠦ ᠴᠠᠭᠳᠠᠭ᠎ᠠ ᠶᠢᠨ ᠦᠬᠠᠶ ᠶᠢᠨ ᠰᠠᠯᠪᠤᠷᠢ ᠠᠩᠭᠢ ᠎ ᠶᠢᠨ ᠪᠡᠯᠡᠳᠬᠡᠯ ᠶᠡᠭᠡ ᠠᠩᠭᠢ ᠶᠢᠨ ᠪᠡᠯᠡᠳᠬᠡᠯ ᠨᠢᠭᠡᠳᠦᠭᠡᠷ ᠳᠤᠮᠳᠠ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠬᠠᠮᠲᠤ ᠪᠠᠷ ᠤᠷᠤᠯᠳᠤᠭᠠᠨ ᠶᠠᠪᠤᠭᠤᠯᠵᠤ᠂ ᠨᠢᠭᠡ ᠪᠠᠨ ᠦᠵᠡᠯᠴᠡᠬᠦ ᠳᠤ᠂ ᠲᠠᠮᠢᠷᠴᠢᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠣᠶ ᠶᠢ ᠪᠡᠯᠭᠡᠯᠡᠬᠦ ᠭᠤᠤᠯ ᠰᠡᠳᠦᠪ ᠤᠨ ᠲᠣᠭᠤᠷᠢᠨ ᠳᠤ᠂ ᠣᠳᠣᠬᠠᠨ ᠤ ᠪᠠᠶᠢᠳᠠᠯ ᠡᠭᠦᠷᠭᠡ᠂ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠪᠠᠷ ᠭᠤᠤᠯᠳᠠᠭᠤᠯᠵᠤ᠂ ᠬᠤᠪᠢᠰᠬᠠᠯ ᠤᠨ ᠥᠯᠢᠭᠡᠷ᠂ ᠬᠤᠪᠢᠰᠬᠠᠯᠲᠤ ᠬᠥᠮᠦᠰ᠂ ᠳᠡᠷᠭᠡᠳᠡᠬᠢ ᠥᠯᠢᠭᠡᠷ ᠪᠠ ᠥᠪᠡᠷ ᠤᠨ ᠴᠡᠷᠢᠭ ᠠᠩᠭᠢ ᠶᠢᠨ ᠦᠰᠦᠨ ᠪᠣᠶᠢᠵᠢᠭᠰᠠᠨ ᠥᠩᠭᠡᠷᠡᠯᠲᠡ ᠵᠡᠷᠭᠡ ᠪᠠᠷ ᠭᠠᠷᠳᠠᠴᠠ ᠪᠣᠯᠭᠠᠵᠤ᠂ ᠠᠮᠢᠳᠤᠯᠢᠭ ᠰᠠᠶᠢᠬᠠᠨ ᠶᠠᠷᠢᠶ᠎ᠠ ᠢᠯᠡᠳᠬᠡᠯ ᠬᠢᠵᠡᠶ᠃ ᠰᠡᠳᠬᠢᠯ ᠵᠢᠷᠦᠬᠡ ᠶᠢ ᠳᠣᠭᠳᠣᠯᠤᠭᠤᠯᠤᠮ᠎ᠠ ᠦᠯᠢᠬᠡᠷ ᠤᠳ᠂ ᠰᠡᠳᠬᠢᠯ ᠳᠣᠭᠳᠣᠯᠤᠮ᠎ᠠ ᠳᠠᠭᠤᠤ ᠬᠥᠭᠵᠢᠮ ᠎ ᠤᠳ ᠨᠢ ᠥᠷᠭᠡᠨ ᠤᠯᠠᠨ ᠳᠠᠷᠤᠭ᠎ᠠ ᠪᠠᠶᠢᠯᠳᠤᠭᠴᠢ ᠶᠢᠨ ᠦᠨᠳᠦᠰᠦᠨ ᠠᠵᠢᠯ ᠤᠨ ᠪᠠᠶᠢᠷᠢᠨ ᠳᠤ ᠭᠠᠷᠴᠤ᠂ ᠴᠡᠷᠢᠭ ᠎ ᠢᠶᠠᠨ ᠬᠦᠴᠦᠷᠬᠡᠭᠵᠢᠭᠦᠯᠵᠦ ᠤᠯᠤᠰ ᠲᠠᠭᠠᠨ ᠵᠢᠳᠬᠦᠬᠦ ᠣᠮᠤᠭ ᠵᠣᠷᠢᠭ ᠢ ᠬᠥᠭᠵᠢᠭᠡᠵᠡᠢ᠃      ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠬᠠᠶᠢᠷᠤᠪ ᠤᠨ ᠲᠤᠬᠤᠢ ᠲᠣᠭᠤᠷᠢᠭ ᠤᠨ ᠨᠣᠮ ᠤᠨ ᠰᠠᠩ ᠤᠷᠤᠯᠳᠤᠭᠠᠨ ᠳᠤ ᠣᠷᠣᠯᠴᠠᠭᠰᠠᠳ ᠲᠤ ᠭᠤᠶᠢᠳᠠ ᠰᠠᠶᠢᠬᠠᠨ ᠪᠡᠯᠡᠭ ᠰᠡᠯᠲᠡ ᠪᠡᠯᠡᠳᠬᠡᠭᠰᠡᠨ ᠪᠥᠭᠡᠳ ᠴᠡᠷᠢᠭ ᠤᠨ ᠬᠤᠸᠠᠷᠠᠨ ᠤ ᠨᠣᠮ ᠤᠨ ᠲᠠᠰᠤᠭ ᠲᠤ ᠴᠡᠷᠢᠭ ᠤᠨ ᠶᠠᠪᠤᠳᠠᠯ᠂ ᠤᠳᠬ᠎ᠠ ᠵᠣᠬᠢᠶᠠᠯ᠂ ᠲᠡᠦᠬᠡ᠂ ᠤᠷ᠎ᠠ ᠴᠢᠳᠠᠪᠤᠷᠢ ᠵᠡᠷᠭᠡ ᠶᠢ ᠪᠠᠭᠲᠠᠭᠠᠭᠰᠠᠨ ᠰᠢᠯᠢᠳᠡᠭ ᠨᠣᠮ ᠪᠢᠴᠢᠭ ᠬᠠᠨᠳᠢᠪᠯᠠᠵᠤ᠂ ᠳᠠᠷᠤᠭ᠎ᠠ ᠪᠠᠶᠢᠯᠳᠤᠭᠴᠢᠳ ᠤᠨ ᠬᠠᠯᠠᠭᠤᠨ ᠬᠦᠷᠢᠶᠡᠯᠡᠯ ᠢ ᠣᠯᠵᠤ᠂ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠤᠨ ᠰᠣᠶᠣᠯ ᠤᠨ ᠠᠮᠢᠳᠤᠷᠠᠯ ᠢ ᠤᠯᠠᠮ ᠴᠢᠨᠠᠭᠰᠢᠳᠠ ᠪᠠᠶᠠᠯᠢᠭᠵᠢᠭᠤᠯᠤᠨ ᠬᠥᠭᠵᠢᠭᠡᠵᠦ᠂ ᠪᠦᠬᠦ ᠠᠷᠠᠳ ᠤᠨ ᠤᠩᠰᠢᠯᠭ᠎ᠠ ᠶᠢ ᠭᠦᠨᠵᠡᠭᠡᠢ ᠠᠬᠢᠭᠤᠯᠪᠠ᠃      ᠨᠣᠮ ᠪᠢᠴᠢᠭ ᠨᠢ ᠬᠡᠦᠬᠡᠳ ᠳᠡᠭᠦᠦ ᠨᠡᠷ ᠴᠡᠷᠢᠭ ᠲᠡᠭᠡᠨ ᠬᠠᠶᠢᠷ᠎ᠠ ᠬᠠᠯᠠᠮᠵᠢ ᠬᠦᠷᠲᠡᠭᠡᠵᠦ ᠪᠠᠶᠢᠳᠠᠭ᠂ ᠬᠤᠶᠢᠰᠢᠳᠠ ᠬᠠᠶᠢᠷᠤᠪ ᠤᠨ ᠲᠤᠬᠤᠢ ᠲᠣᠭᠤᠷᠢᠭ ᠤᠨ ᠨᠣᠮ ᠤᠨ ᠰᠠᠩ ᠨᠡᠩ ᠤᠯᠠᠨ ᠠᠷᠭ᠎ᠠ ᠬᠡᠯᠪᠡᠷᠢ ᠠᠪᠴᠤ᠂ ᠢᠮᠠᠭᠲᠠ ᠪᠦᠬᠦ ᠠᠷᠠᠳ ᠤᠨ ᠨᠣᠮ ᠤᠩᠰᠢᠬᠤ ᠶᠢ ᠠᠬᠢᠭᠤᠯᠬᠤ ᠪᠠᠷ ᠥᠪᠡᠷ ᠤᠨ ᠡᠭᠦᠷᠭᠡ ᠪᠠᠨ ᠪᠣᠯᠭᠠᠵᠤ᠂ ᠨᠣᠮ ᠎ ᠤᠨ ᠰᠠᠩ ᠤᠨ ᠰᠣᠶᠣᠯ ᠤᠨ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠨᠡᠶᠢᠲᠡ ᠎ ᠶᠢᠨ ᠨᠣᠮ ᠤᠨ ᠰᠠᠩ ᠤᠨ ᠰᠦᠢᠳᠬᠡᠯ ᠬᠤᠷᠢᠶᠠᠬᠤ ᠦᠭᠡᠢ ᠪᠠᠷ ᠦᠢᠯᠡᠴᠢᠯᠡᠭᠡ ᠬᠠᠩᠭᠠᠬᠤ ᠬᠦᠷᠢᠶ᠎ᠡ ᠶᠢ ᠥᠷᠭᠡᠳᠬᠡᠵᠦ᠂ ᠪᠢᠴᠢᠭ ᠤᠨ ᠰᠤᠷᠪᠤᠯᠵᠢᠲᠠᠨ ᠤ ᠴᠡᠷᠢᠭ ᠤᠨ ᠬᠤᠸᠠᠷᠠᠨ ᠢ ᠶᠡᠭᠡ ᠪᠠᠷ ᠠᠬᠢᠭᠤᠯᠵᠤ᠂ ᠰᠣᠶᠣᠯ ᠢᠶᠠᠷ ᠴᠡᠷᠢᠭ ᠢᠶᠠᠨ ᠬᠦᠷᠢᠶᠡᠯᠡᠬᠦ᠂ ᠴᠡᠷᠢᠭ ᠢ ᠬᠦᠴᠦᠷᠬᠡᠭᠵᠢᠭᠦᠯᠬᠦ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号