ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠮᠦᠸᠧ ᠰᠢᠶᠠᠩ ᠯᠢ ᠶᠤᠸᠠᠨ ᠨᠡᠶᠢᠭᠡᠮ ᠲᠣᠭᠤᠷᠢᠭ 《 ᠨᠢᠭᠡ ᠬᠤᠷᠰᠢᠶ᠎ᠠ ᠨᠢᠭᠡ ᠲᠣᠰᠬᠤᠨ ᠨᠢᠭᠡ ᠠᠵᠤ ᠠᠬᠤᠶᠢᠯᠠᠯ ᠨᠢᠭᠡ ᠵᠢᠯ ᠳᠤ ᠨᠢᠭᠡ ᠶᠠᠪᠤᠳᠠᠯ ᠎ ᠤᠨ ᠰᠠᠨᠠᠯ ᠬᠤᠷᠢᠶᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2021/8/5
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ 《 ᠠᠷᠠᠳ ᠲᠤ ᠪᠣᠳᠠᠲᠤ ᠶᠠᠪᠤᠳᠠᠯ ᠬᠢᠵᠦ ᠥᠭᠬᠦ 》 ᠦᠷ᠎ᠡ ᠪᠦᠲᠦᠭᠡᠯ ᠢ ᠪᠠᠬᠢᠵᠢᠭᠦᠯᠵᠦ᠂ ᠦᠨᠳᠦᠰᠦᠨ ᠱᠠᠲᠤᠨ ᠤ ᠬᠦᠴᠢᠷᠳᠡᠯᠲᠡᠶ ᠶᠠᠪᠤᠳᠠᠯ᠂ ᠣᠯᠠᠨ ᠲᠦᠮᠡᠨ ᠤ ᠰᠡᠳᠬᠢᠯ ᠵᠣᠪᠠᠵᠤ ᠪᠠᠶᠢᠭ᠎ᠠ ᠶᠠᠪᠤᠳᠠᠯ ᠢ ᠦᠨᠡᠨᠬᠦ ᠰᠢᠶᠳᠪᠦᠷᠢᠯᠡᠵᠦ᠂ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠶᠳᠪᠦᠷᠢᠯᠡᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠶᠢᠨ ᠲᠤᠰᠠᠳᠠ  ᠂ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠲᠤᠯᠭᠠᠮ᠎ᠠ᠂ ᠬᠠᠮᠤᠭ ᠤᠨ ᠪᠣᠳᠠᠲᠠᠶ ᠠᠰᠠᠭᠤᠳᠠᠯ ᠠᠴᠠ ᠭᠠᠷᠳᠠᠵᠤ᠂ ᠵᠢᠯ ᠪᠦᠷᠢ ᠨᠡᠶᠢᠭᠡᠮ ᠲᠣᠭᠤᠷᠢᠭ᠂ ᠲᠣᠰᠬᠤᠨ᠂ ᠠᠵᠤ ᠠᠬᠤᠶᠢᠯᠠᠯ ᠨᠢᠭᠡᠪᠦᠷᠢ ᠳᠤ ᠨᠢᠭᠡ ᠪᠣᠳᠠᠲᠤ ᠶᠠᠪᠤᠳᠠᠯ ᠭᠦᠶᠴᠡᠳᠬᠡᠬᠦ ᠠᠷᠭ᠎ᠠ ᠮᠠᠶ᠋ᠢᠭ ᠢᠶᠠᠷ ᠠᠵᠤ ᠦᠶᠯᠡᠰ ᠤᠨ ᠬᠥᠭᠵᠢᠯᠲᠡ᠂ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠶᠯᠡᠴᠢᠯᠡᠭᠡ᠂ ᠨᠡᠶᠢᠭᠡᠮ ᠤᠨ ᠵᠠᠰᠠᠯᠲᠠ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠦᠨ᠎ᠡ᠃  ᠮᠦᠸᠧ  ᠰᠢᠶᠠᠩ ᠤᠨ ᠯᠢ ᠶᠤᠸᠠᠨ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ 《 ᠨᠢᠭᠡ ᠬᠤᠷᠰᠢᠶ᠎ᠠ ᠨᠢᠭᠡ ᠲᠣᠰᠬᠤᠨ ᠨᠢᠭᠡ ᠠᠵᠤ ᠠᠬᠤᠶᠢᠯᠠᠯ ᠨᠢᠭᠡ ᠵᠢᠯ ᠳᠤ ᠨᠢᠭᠡ ᠤᠴᠢᠷ ᠶᠠᠪᠤᠳᠠᠯ ᠰᠢᠶᠳᠪᠦᠷᠢᠯᠡᠬᠦ 》 ᠰᠠᠨᠠᠯ ᠬᠤᠷᠢᠶᠠᠬᠤ ᠠᠵᠢᠯ ᠢ ᠥᠷᠨᠢᠭᠦᠯᠪᠡ᠂ 《 ᠨᠢᠭᠡ ᠬᠤᠷᠰᠢᠶ᠎ᠠ ᠨᠢᠭᠡ ᠲᠣᠰᠬᠤᠨ ᠨᠢᠭᠡ ᠠᠵᠤ ᠠᠬᠤᠶᠢᠯᠠᠯ ᠨᠢᠭᠡ ᠵᠢᠯ ᠳᠤ ᠨᠢᠭᠡ ᠶᠠᠪᠤᠳᠠᠯ 》᠎ ᠤᠨ ᠠᠵᠢᠯ ᠤᠨ ᠮᠡᠳᠡᠭᠳᠡᠯ ᠨᠠᠭᠠᠬᠤ᠂ ᠥᠷᠭᠡᠨ ᠣᠯᠠᠨ ᠰᠠᠭᠤᠭᠠᠯᠢ ᠠᠷᠠᠳ ᠲᠤ ᠮᠡᠳᠡᠭᠳᠡᠬᠦ᠂ ᠰᠤᠷᠭᠠᠨ ᠬᠥᠮᠦᠵᠢᠯ ᠰᠣᠶᠣᠯ ᠤᠨ ᠲᠠᠯ᠎ᠠ ᠳᠤ ᠴᠢᠭᠯᠡᠭᠦᠯᠵᠦ ᠪᠣᠯᠤᠨ᠎ᠠ᠂ ᠣᠷᠴᠢᠨ ᠲᠣᠭᠤᠷᠢᠨ ᠎ ᠤ ᠵᠠᠰᠠᠯᠲᠠ ᠶᠢᠨ ᠲᠠᠯ᠎ᠠ ᠪᠠᠷ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠲᠠᠯ᠎ᠠ ᠪᠠᠷ᠂ ᠦᠨᠳᠦᠰᠦᠨ ᠠᠷᠠᠳ ᠎ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠲᠠᠯ᠎ᠠ ᠪᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠬᠢᠬᠦ ᠠᠷᠭ᠎ᠠ ᠶᠢ ᠳᠤᠷᠠᠳᠤᠨ ᠭᠠᠷᠭᠠᠪᠠ᠂ ᠠᠷᠭ᠎ᠠ ᠬᠡᠮᠵᠢᠶ᠎ᠡ᠂ ᠰᠠᠨᠠᠯ᠂ ᠪᠢᠳᠠ ᠭᠦᠶᠴᠡᠳ ᠴᠤᠭᠯᠠᠭᠤᠯᠤᠨ᠎ᠠ᠂ ᠨᠠᠷᠢᠨ ᠬᠢᠨᠠᠮᠠᠭᠠᠶ ᠡᠮᠬᠢᠯᠡᠬᠦ᠂ ᠵᠢᠯ ᠪᠦᠷᠢ ᠨᠡᠶᠢᠭᠡᠮ ᠲᠣᠭᠤᠷᠢᠭ ᠪᠦᠷᠢ ᠨᠢᠭᠡ ᠪᠣᠳᠠᠲᠤ ᠶᠠᠪᠤᠳᠠᠯ ᠬᠢᠬᠦ ᠠᠷᠭ᠎ᠠ ᠪᠠᠷ᠂ ᠣᠯᠠᠨ ᠲᠦᠮᠡᠨ ᠤ 《 ᠪᠠᠴᠢᠮ ᠬᠦᠴᠢᠷᠳᠡᠯ ᠵᠣᠪᠠᠨᠢᠯ ᠬᠦᠰᠡᠯ ᠡᠷᠡᠮᠡᠯᠵᠡᠯ 》 ᠎ ᠤᠨ ᠠᠰᠠᠭᠤᠳᠠᠯ ᠢ ᠰᠢᠶᠳᠪᠦᠷᠢᠯᠡᠬᠦ ᠶᠢ ᠠᠬᠢᠭᠤᠯᠤᠨ᠎ᠠ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ᠃
     ᠰᠠᠭᠤᠭᠠᠯᠢ ᠠᠷᠠᠳ ᠤᠨ ᠨᠠᠶᠢᠵᠠ ᠨᠠᠷ ᠵᠢᠵᠢᠭ ᠲᠣᠭᠤᠷᠢᠭ ᠤᠨ ᠸᠢᠴᠠᠲ ᠤᠨ ᠴᠤᠭᠯᠠᠷᠠᠯ ᠤᠨ ᠨᠡᠶᠢᠭᠡᠮ ᠲᠣᠭᠤᠷᠢᠭ ᠤᠨ ᠡᠷᠬᠢᠯᠡᠭᠴᠢ᠂ ᠲᠣᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ ᠲᠠᠢ ᠬᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠨᠠᠯ᠂ ᠰᠠᠨᠠᠭᠤᠯᠭ᠎ᠠ ᠪᠠᠨ ᠨᠡᠶᠢᠭᠡᠮ ᠲᠣᠭᠤᠷᠢᠭ ᠲᠤ ᠬᠠᠷᠢᠭᠤ ᠲᠤᠰᠬᠠᠵᠤ ᠪᠣᠯᠤᠨ᠎ᠠ᠃ ᠮᠦᠸᠧ ᠰᠢᠶᠠᠩ ᠯᠢ ᠶᠤᠸᠠᠨ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ ᠳᠤᠷᠠᠳᠤᠭᠰᠠᠨ ᠠᠰᠠᠭᠤᠳᠠᠯ ᠢ ᠨᠠᠷᠢᠨ ᠬᠢᠨᠠᠮᠠᠭᠠᠢ ᠰᠢᠭᠰᠢᠨ ᠰᠣᠩᠭᠤᠵᠤ᠂ ᠤᠯᠠᠨ ᠲᠦᠮᠡᠨ ᠳᠤ ᠦᠨᠡᠨ ᠬᠦ ᠪᠣᠳᠠᠲᠠᠢ ᠶᠠᠪᠤᠳᠠᠯ ᠬᠢᠵᠦ ᠥᠭᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号