ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠮᠦᠸᠧ ᠰᠢᠶᠠᠩ ᠯᠢ ᠶᠤᠸᠠᠨ ᠨᠡᠶᠢᠭᠡᠮ ᠲᠣᠭᠤᠷᠢᠭ ᠤᠨ 31 ᠳᠤᠭᠤᠶᠢᠯᠠᠩ ᠤᠨ ᠪᠠᠶᠢᠰᠢᠩ ᠬᠡᠷ ᠲᠤ ᠬᠠᠮᠲᠤ ᠶᠢᠨ ᠳᠤᠯᠠᠭᠠᠯᠠᠭ᠎ᠠ ᠬᠠᠩᠭᠠᠬᠤ ᠵᠢᠴᠢ ᠪᠣᠬᠢᠷᠲᠤᠯ ᠭᠠᠳᠠᠭᠰᠢᠯᠠᠭᠤᠯᠬᠤ ᠬᠤᠭᠤᠯᠠᠶ ᠶᠢ ᠰᠡᠯᠪᠢᠨ ᠵᠠᠰᠠᠬᠤ ᠠᠰᠠᠭᠤᠳᠠᠯ ᠎ ᠢ ᠵᠥᠪᠳᠡᠯ᠊
ᠨᠡᠶᠢᠲᠡᠯᠡᠭᠰᠡᠨ ᠴᠠᠭ᠄
2021/8/5
   ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ 《 ᠠᠷᠠᠳ ᠲᠤ ᠪᠣᠳᠠᠲᠤ ᠶᠠᠪᠤᠳᠠᠯ ᠬᠢᠵᠦ ᠥᠭᠬᠦ 》 ᠦᠷ᠎ᠡ ᠪᠦᠲᠦᠭᠡᠯ ᠢ ᠪᠠᠬᠢᠵᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠬᠦᠴᠢᠷᠳᠡᠯ᠂ ᠣᠯᠠᠨ ᠲᠦᠮᠡᠨ ᠤ ᠰᠡᠳᠬᠢᠯ ᠵᠣᠪᠠᠵᠤ ᠪᠠᠶᠢᠭ᠎ᠠ ᠶᠠᠪᠤᠳᠠᠯ ᠢ ᠦᠨᠡᠨ ᠬᠦ ᠰᠢᠶᠳᠪᠦᠷᠢᠯᠡᠬᠦ ᠶᠢᠨ ᠲᠥᠯᠥᠭᠡ᠂《 ᠨᠢᠭᠡ ᠬᠤᠷᠰᠢᠶ᠎ᠠ ᠨᠢᠭᠡ ᠲᠣᠰᠬᠤᠨ ᠨᠢᠭᠡ ᠠᠵᠤ ᠠᠬᠤᠶᠢᠯᠠᠯ ᠨᠢᠭᠡ ᠵᠢᠯ ᠳᠤ ᠨᠢᠭᠡ ᠶᠠᠪᠤᠳᠠᠯ ᠬᠢᠬᠦ 》ᠠᠵᠢᠯ ᠢᠶᠠᠷ ᠲᠦᠰᠢᠭ ᠪᠣᠯᠭᠠᠵᠤ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠮᠦᠸᠧ ᠰᠢᠶᠠᠩ ᠯᠢ ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠥᠷᠲᠡᠭᠡ ᠲᠠᠢ ᠬᠠᠮᠲᠤᠷᠠᠨ ᠢᠳᠡᠪᠬᠢᠲᠡᠶ ᠬᠥᠳᠡᠯᠦᠯᠴᠡᠵᠦ᠂ ᠬᠤᠯᠪᠣᠭᠳᠠᠯ ᠪᠥᠬᠦᠶ ᠨᠢᠭᠡᠴᠢ ᠶᠢ ᠵᠣᠬᠢᠴᠠᠭᠤᠯᠤᠨ ᠪᠣᠳᠠᠲᠤ ᠶᠠᠪᠤᠳᠠᠯ ᠬᠢᠵᠦ ᠥᠭᠪᠡ᠃
     31 ᠳᠤᠭᠤᠶᠢᠯᠠᠩ ᠪᠠᠶᠢᠰᠢᠩ ᠬᠡᠷ ᠢ 1978 ᠣᠨ ᠳᠤ ᠪᠠᠷᠢᠵᠤ᠂ ᠨᠡᠶᠢᠲᠡ 14 ᠡᠷᠦᠬᠡ ᠰᠠᠭᠤᠭᠠᠯᠢ ᠠᠷᠠᠳ ᠲᠠᠢ᠂ ᠣᠲᠣ ᠶᠢᠨ ᠰᠠᠭᠤᠵᠤ ᠪᠠᠶᠢᠭ᠎ᠠ ᠬᠥᠮᠦᠰ ᠤᠨ ᠣᠯᠠᠩᠬᠢ ᠨᠢ ᠨᠠᠰᠤᠲᠠᠶᠢᠴᠤᠳ ᠪᠠᠶᠢᠵᠤ᠂ ᠡᠪᠦᠯ ᠤᠨ ᠤᠯᠠᠷᠢᠯ ᠤᠨ ᠳᠤᠯᠠᠭᠠᠯᠠᠭ᠎ᠠ ᠨᠢ ᠨᠠᠰᠤᠲᠠᠶᠢᠴᠤᠳ ᠤᠨ ᠶᠡᠭᠡ ᠬᠦᠴᠢᠷ ᠠᠰᠠᠭᠤᠳᠠᠯ ᠪᠣᠯᠵᠣ᠂ ᠥᠩᠭᠡᠷᠡᠭᠰᠡᠨ ᠳᠤ ᠴᠥᠮ ᠨᠡᠭᠦᠷᠡᠰᠦ ᠲᠦᠯᠡᠵᠦ ᠳᠤᠯᠠᠭᠠᠯᠠᠵᠤ᠂ ᠠᠶᠤᠯ ᠣᠷᠣᠰᠢᠵᠤ ᠪᠠᠶᠢᠬᠤ ᠮᠥᠷᠲᠡᠭᠡᠨ ᠣᠷᠴᠢᠨ ᠲᠣᠭᠤᠷᠢᠨ ᠢ ᠴᠤ ᠪᠣᠬᠢᠷᠲᠤᠭᠤᠯᠵᠤ ᠪᠠᠶᠢᠪᠠ᠃ 2021 ᠣᠨ ᠤ 4 ᠰᠠᠷ᠎ᠠ ᠶᠢᠨ ᠳᠤᠮᠳᠠᠴᠢ ᠪᠠᠷ᠂ 31 ᠳᠤᠭᠤᠶᠢᠯᠠᠩ ᠤᠨ ᠪᠠᠶᠢᠰᠢᠩ ᠬᠡᠷ ᠲᠠᠢ ᠰᠠᠭᠤᠭᠠᠯᠢ ᠠᠷᠠᠳ ᠤᠨ ᠲᠥᠯᠥᠭᠡᠯᠡᠭᠴᠢ ᠨᠡᠶᠢᠭᠡᠮ ᠲᠣᠭᠤᠷᠢᠭ ᠲᠤ ᠢᠷᠡᠵᠦ᠂ ᠨᠡᠶᠢᠭᠡᠮ ᠲᠣᠭᠤᠷᠢᠭ ᠤᠨ ᠎ ᠬᠢᠨ ᠢᠶᠠᠷ ᠬᠠᠮᠲᠤ ᠶᠢᠨ ᠳᠤᠯᠠᠭᠠᠯᠠᠭ᠎ᠠ ᠬᠠᠩᠭᠠᠬᠤ ᠪᠠ ᠤᠰᠤ ᠭᠠᠳᠠᠭᠰᠢᠯᠠᠭᠤᠯᠬᠤ ᠬᠤᠭᠤᠯᠠᠶ ᠶᠢ ᠥᠭᠡᠷᠡᠴᠢᠯᠡᠨ ᠰᠠᠶᠢᠵᠢᠷᠠᠭᠤᠯᠬᠤ ᠠᠰᠠᠭᠤᠳᠠᠯ ᠢ ᠬᠠᠪᠰᠤᠷᠤᠨ ᠵᠣᠬᠢᠴᠠᠭᠤᠯᠬᠤ ᠪᠠᠷ ᠪᠣᠯᠪᠠ᠃  ᠮᠦᠸᠧ ᠰᠢᠶᠠᠩ ᠤᠨ ᠯᠢ ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠬᠤᠩ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠥᠷᠲᠡᠭᠡ ᠶᠢᠨ ᠠᠵᠢᠯᠲᠠᠨ ᠪᠠ ᠲᠣᠤᠷ ᠰᠦᠯᠵᠢᠶᠡᠨ ᠤ ᠰᠠᠶᠢᠨ ᠳᠤᠷᠠᠴᠤᠳ ᠢ ᠳᠠᠭᠠᠭᠤᠯᠤᠨ 31 ᠳᠤᠭᠤᠶᠢᠯᠠᠩ ᠪᠠᠶᠢᠰᠢᠩ ᠳᠤ ᠬᠦᠷᠴᠦ ᠡᠷᠦᠬᠡ ᠳᠤ ᠬᠦᠷᠴᠦ ᠪᠠᠶᠢᠴᠠᠭᠠᠯᠲᠠ ᠬᠢᠵᠦ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠣᠶᠢᠯᠠᠭᠠᠪᠠ᠃      ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠳᠤᠷᠢᠳᠤᠯᠭ᠎ᠠ᠂ ᠨᠡᠶᠢᠭᠡᠮ ᠲᠣᠭᠤᠷᠢᠭ ᠤᠨ ᠱᠦᠵᠢ ᠸᠠᠩ ᠬᠤᠩ ᠢᠯᠴᠢ ᠶᠢᠨ ᠬᠦᠴᠦᠨ ᠤ ᠺᠣᠮᠫᠠᠨᠢ ᠲᠠᠢ ᠵᠣᠬᠢᠴᠠᠭᠤᠯᠤᠭᠰᠠᠨ ᠤ ᠳᠠᠷᠠᠭ᠎ᠠ᠂ 31 ᠳᠤᠭᠤᠶᠢᠯᠠᠩ ᠪᠠᠶᠢᠰᠢᠩ ᠳᠤ ᠬᠠᠮᠲᠤ ᠶᠢᠨ ᠳᠤᠯᠠᠭᠠᠯᠠᠭ᠎ᠠ ᠬᠠᠩᠭᠠᠬᠤ ᠪᠠ ᠪᠣᠬᠢᠷᠲᠤᠯ ᠭᠠᠳᠠᠭᠰᠢᠯᠠᠭᠤᠯᠬᠤ ᠬᠤᠭᠤᠯᠠᠶ ᠶᠢ ᠰᠡᠯᠪᠢᠨ ᠵᠠᠰᠠᠬᠤ ᠶᠢ ᠵᠥᠪᠰᠢᠶᠡᠷᠡᠭᠰᠡᠨ ᠪᠥᠭᠡᠳ 7 ᠰᠠᠷ᠎ᠠ ᠠᠴᠠ ᠡᠬᠢᠯᠡᠨ ᠪᠠᠶᠢᠭᠤᠯᠬᠤ ᠪᠠᠷ ᠲᠣᠭᠲᠠᠵᠤ᠂ ᠣᠲᠣ ᠥᠭᠡᠷᠡᠴᠢᠯᠡᠨ ᠵᠠᠰᠠᠬᠤ ᠪᠠᠷᠢᠯᠭ᠎ᠠ ᠶᠢ ᠶᠠᠭ ᠪᠠᠷᠢᠵᠤ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号