100 ᠭᠠᠷᠤᠶ ᠬᠥᠮᠦᠨ ᠢ ᠰᠢᠳᠬᠡᠵᠦ᠂ ᠬᠠᠶᠢᠷᠤᠪ ᠤᠨ ᠲᠣᠬᠤᠶ ᠠᠭᠤᠷᠬᠠᠶ ᠶᠢᠨ ᠣᠷᠣᠨ ᠤ ᠵᠠᠮ ᠢ ᠴᠢᠩᠭ᠎ᠠ ᠪᠠᠶᠢᠴᠠᠭᠠᠨ ᠵᠠᠰᠠᠪᠠ
ᠨᠡᠶᠢᠲᠡᠯᠡᠭᠰᠡᠨ ᠴᠠᠭ᠄
2021/8/5
   ᠬᠠᠶᠢᠷᠤᠪ ᠤᠨ ᠲᠤᠬᠤᠢ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠬᠤᠳᠠ ᠶᠢᠨ ᠲᠣᠭᠤᠷᠢᠭ᠂ ᠠᠭᠤᠷᠬᠠᠢ ᠶᠢᠨ ᠣᠷᠣᠨ ᠤ ᠲᠣᠭᠤᠰᠣ ᠰᠢᠷᠣᠢ ᠶᠢᠨ ᠪᠣᠬᠢᠷᠲᠤᠯ ᠢ ᠪᠦᠲᠦᠮᠵᠢᠲᠡᠢ ᠬᠢᠵᠠᠭᠠᠷᠯᠠᠬᠤ ᠨᠢ ᠨᠢᠭᠡ ᠵᠦᠢᠯ ᠤᠨ ᠭᠤᠣᠯᠳᠠᠯᠭ᠎ᠠ ᠲᠠᠢ ᠠᠵᠢᠯ ᠪᠣᠯᠪᠠ᠃ ᠬᠠᠶᠢᠷᠤᠪ ᠎ ᠤᠨ ᠲᠤᠬᠤᠢ ᠲᠣᠭᠤᠷᠢᠭ ᠤᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠠᠮ ᠤᠨ ᠬᠠᠮᠢᠶᠠᠷᠤᠯᠲᠠ ᠡᠵᠡᠮᠳᠡᠯ ᠤᠨ ᠡᠷᠴᠢᠮ ᠢᠶᠠᠨ ᠴᠢᠩᠭᠠᠳᠬᠠᠵᠤ᠂ ᠲᠣᠭᠤᠷᠢᠨ ᠪᠠᠶᠢᠴᠠᠭᠠᠬᠤ ᠳᠠᠪᠲᠠᠮᠵᠢ ᠤᠳᠠᠭ᠎ᠠ ᠪᠠᠨ ᠳᠡᠭᠡᠭᠰᠢᠯᠡᠭᠦᠯᠵᠦ᠂ ᠱᠠᠭᠠᠷᠳᠠᠯᠭ᠎ᠠ ᠶᠣᠰᠣᠭᠠᠷ ᠲᠣᠭᠤᠰᠣ ᠳᠡᠭᠳᠡᠭᠦᠯᠦᠭᠰᠡᠨ ᠦᠭᠡᠢ ᠪᠠᠶᠢᠪᠠᠯ ᠰᠢᠢᠳᠬᠡᠨ ᠲᠣᠷᠭᠠᠵᠤ᠂ ᠳᠠᠭᠠᠭᠠᠴᠠ ᠠᠴᠠ ᠬᠡᠲᠦᠷᠡᠬᠦ᠂ ᠪᠦᠷᠬᠦᠭᠦᠯ ᠪᠦᠲᠡᠭᠡᠭᠰᠡᠨ ᠦᠭᠡᠢ ᠲᠡᠷᠭᠡ ᠬᠥᠰᠬᠡ ᠬᠤᠳᠠ ᠶᠢᠨ ᠲᠣᠭᠤᠷᠢᠭ᠂ ᠠᠭᠤᠷᠬᠠᠢ ᠶᠢᠨ ᠣᠷᠣᠨ ᠎ ᠢᠶᠠᠷ ᠣᠷᠣᠵᠤ ᠭᠠᠷᠬᠤ ᠶᠢ ᠴᠢᠩᠭ᠎ᠠ ᠴᠠᠭᠠᠵᠠᠯᠠᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ ᠠᠷᠢᠭᠤᠨ ᠬᠥᠷᠥᠰᠥ ᠶᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ᠃
   ᠣᠶᠢᠷ᠎ᠠ ᠳᠤ᠂ ᠰᠤᠷᠪᠤᠯᠵᠢᠯᠠᠭᠴᠢ ᠬᠠᠶᠢᠷᠤᠪ ᠤᠨ ᠲᠣᠬᠤᠶ ᠲᠣᠭᠤᠷᠢᠭ ᠤᠨ ᠭᠤᠤᠯᠳᠠᠯᠭ᠎ᠠ ᠲᠠᠢ ᠠᠭᠤᠷᠬᠠᠶ ᠶᠢᠨ ᠣᠷᠣᠨ ᠳᠤ ᠲᠣᠭᠤᠷᠢᠨ ᠪᠠᠶᠢᠴᠠᠭᠠᠬᠤ ᠵᠠᠮ ᠤᠨ ᠬᠡᠰᠡᠭ ᠲᠤ ᠬᠦᠷᠴᠦ᠂ ᠣᠶᠢᠯᠠᠭᠠᠭᠰᠠᠨ ᠢᠶᠠᠷ᠂ ᠬᠠᠶᠢᠷᠤᠪ ᠤᠨ ᠲᠣᠬᠤᠶ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠭᠤᠷᠬᠠᠶ ᠶᠢᠨ ᠣᠷᠣᠨ ᠤ ᠳᠤᠮᠳᠠ ᠠᠩᠭᠢ ᠨᠢ᠂ ᠡᠯ᠎ᠡ ᠠᠵᠤ ᠠᠬᠤᠶᠢᠯᠠᠯ ᠤᠨ ᠲᠡᠭᠡᠭᠡᠪᠦᠷᠢ ᠶᠢᠨ ᠲᠡᠷᠭᠡ ᠬᠥᠰᠬᠡ ᠡᠷᠬᠡᠪᠰᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠵᠠᠮ ᠱᠤᠭᠤᠮ ᠢᠶᠠᠷ ᠠᠵᠢᠯᠯᠠᠵᠤ᠂ ᠠᠭᠤᠷᠬᠠᠶ ᠶᠢᠨ ᠣᠷᠣᠨ ᠤ ᠳᠣᠲᠣᠷᠠᠬᠢ ᠲᠡᠭᠡᠭᠡᠪᠦᠷᠢ ᠶᠢᠨ ᠲᠡᠷᠭᠡ ᠬᠥᠰᠬᠡ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠤᠬᠠᠶ ᠶᠢᠨ ᠲᠠᠯᠠᠪᠤᠷ ᠲᠤ ᠲᠡᠷᠭᠡᠨ ᠵᠢᠶᠠᠰᠠ ᠶᠢᠨ ᠨᠣᠮᠧᠷ ᠪᠣᠯᠤᠨ ᠠᠶᠠᠯᠠᠨ ᠶᠠᠪᠤᠬᠤ ᠦᠨᠡᠮᠯᠡᠯ ᠤᠨ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠶᠢ ᠪᠠᠶᠢᠴᠠᠭᠠᠨ ᠰᠢᠯᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠡᠭᠡᠭᠡᠪᠦᠷᠢ ᠶᠢᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠶᠢᠯᠪᠤᠷᠢᠲᠠᠶ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠠᠷᠪᠠᠨ ᠨᠠᠢᠮᠠᠨ ᠠᠴᠠ ᠮᠤᠤ ᠡᠯ ᠭᠧᠦ ᠬᠦᠷᠬᠦ ᠵᠠᠮ ᠤᠨ ᠬᠡᠰᠡᠭ ᠲᠤ ᠲᠣᠭᠲᠠᠮᠠᠯ ᠪᠠᠶᠢᠴᠠᠭᠠᠯᠲᠠ ᠶᠢᠨ ᠴᠢᠭ ᠭᠠᠷᠭᠠᠵᠤ᠂ ᠴᠢᠯᠠᠭᠤ᠂ ᠨᠡᠭᠦᠷᠡᠰᠦ᠂ ᠰᠢᠭᠠᠷᠤ ᠰᠢᠷᠣᠶ ᠵᠡᠷᠭᠡ ᠲᠡᠷᠭᠡ ᠬᠥᠰᠬᠡ ᠶᠢ ᠴᠢᠩᠭ᠎ᠠ ᠪᠦᠲᠡᠭᠡᠭᠰᠡᠨ ᠡᠰᠡᠬᠦ᠂ ᠠᠰᠬᠠᠭᠰᠠᠨ ᠡᠰᠡᠬᠦ᠂ ᠬᠡᠲᠦᠷᠡᠲᠡᠯ᠎ᠡ ᠠᠴᠢᠶᠠᠯᠠᠭᠰᠠᠨ ᠡᠰᠡᠬᠦ ᠵᠡᠷᠭᠡ ᠪᠠᠶᠢᠳᠠᠯ ᠳᠤ ᠭᠤᠣᠯᠳᠠᠯᠭ᠎ᠠ ᠎ ᠲᠠᠢ ᠴᠢᠩᠭ᠎ᠠ ᠪᠠᠶᠢᠴᠠᠭᠠᠯᠲᠠ ᠬᠢᠵᠦ᠂ ᠱᠠᠭᠠᠷᠳᠠᠯᠭ᠎ᠠ ᠶᠣᠰᠣᠭᠠᠷ ᠬᠢᠭᠰᠡᠨ ᠦᠭᠡᠶ ᠶᠢ ᠨᠢ ᠰᠢᠳᠬᠡᠨ ᠲᠣᠷᠭᠠᠬᠤ ᠬᠡᠷᠡᠭᠲᠡᠶ᠃       ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠭᠤᠷᠬᠠᠢ ᠶᠢᠨ ᠣᠷᠣᠨ ᠤ ᠳᠤᠮᠳᠠ ᠠᠩᠬᠢ ᠶᠢᠨ ᠳᠠᠷᠤᠭ᠎ᠠ ᠶᠤᠸᠠᠢ ᠶᠣᠣ ᠲᠢᠶᠠᠨ ᠰᠤᠷᠪᠤᠯᠵᠢᠯᠠᠭᠴᠢ ᠳᠤ᠄ 《 ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠲᠡᠭᠡᠭᠡᠪᠦᠷᠢ ᠶᠢᠨ ᠮᠠᠰᠢᠨ ᠲᠡᠷᠭᠡ ᠶᠢ ᠰᠤᠯᠠ ᠰᠠᠪᠠᠯᠠᠭᠰᠠᠨ᠂ ᠬᠡᠬᠡᠵᠥ ᠠᠰᠬᠠᠭᠰᠠᠨ᠂ ᠳᠠᠭᠠᠭᠠᠴᠠ ᠠᠴᠠ ᠬᠡᠲᠦᠷᠡᠭᠰᠡᠨ ᠵᠡᠷᠭᠡ ᠶᠢ ᠲᠣᠭᠲᠠᠭᠠᠯ ᠶᠣᠰᠣᠭᠠᠷ ᠴᠡᠭᠴᠡᠯᠡᠨ ᠵᠠᠰᠠᠭᠰᠠᠨ  ᠪᠠᠶᠢᠨ᠎ᠠ  ᠃ ᠣᠳᠣᠬᠠᠨ ᠳᠤ 100 ᠭᠠᠷᠤᠶ ᠲᠡᠷᠭᠡ ᠶᠢ ᠨᠢ ᠲᠦᠷ ᠬᠤᠷᠢᠵᠤ ᠰᠢᠳᠬᠡᠵᠡᠶ᠃ ᠤᠳᠤ ᠠᠭᠤᠷᠬᠠᠢ ᠶᠢᠨ ᠣᠷᠣᠨ ᠤ ᠲᠡᠭᠡᠭᠡᠪᠦᠷᠢ ᠶᠢᠨ ᠲᠡᠷᠭᠡ ᠮᠠᠰᠢ ᠶᠡᠭᠡ ᠰᠠᠶᠢᠵᠢᠷᠠᠵᠤ᠂ ᠣᠯᠠᠩᠬᠢ ᠲᠡᠷᠭᠡ ᠨᠢ ᠤᠳᠤ ᠪᠦᠷ ᠪᠦᠲᠡᠭᠡᠯᠭᠡ ᠶᠢᠨ ᠪᠦᠲᠡᠭᠡᠯᠭᠡ ᠲᠠᠢ᠂ ᠭᠤᠭᠤᠵᠢᠭᠤᠯᠬᠤ ᠪᠠᠶᠢᠳᠠᠯ ᠦᠭᠡᠢ ᠪᠠᠶᠢᠨ᠎ᠠ᠃ 》      ᠬᠠᠶᠢᠷᠤᠪ ᠤᠨ ᠲᠣᠬᠤᠶ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠭᠤᠷᠬᠠᠶ ᠶᠢᠨ ᠣᠷᠣᠨ ᠤ ᠳᠤᠮᠳᠠ ᠠᠩᠭᠢ ᠲᠣᠭᠲᠠᠭᠠᠯ ᠠᠴᠠ ᠵᠥᠷᠢᠴᠡᠭᠰᠡᠨ ᠲᠡᠷᠭᠡ ᠬᠥᠰᠬᠡ ᠳᠤ ᠮᠡᠳᠡᠭᠳᠡᠯ ᠥᠭᠴᠦ᠂ ᠲᠣᠭᠲᠠᠭᠠᠯ ᠠᠴᠠ ᠵᠥᠷᠢᠴᠡᠭᠰᠡᠨ ᠲᠡᠷᠭᠡ ᠨᠡᠶᠢᠲᠡ 100 ᠭᠠᠷᠤᠶ ᠶᠢ ᠰᠢᠶᠳᠪᠦᠷᠢᠯᠡᠵᠡᠶ᠃ ᠲᠣᠭᠲᠠᠭᠠᠯ ᠠᠴᠠ ᠵᠥᠷᠢᠴᠡᠭᠰᠡᠨ ᠵᠢᠴᠢ ᠪᠣᠯᠪᠠᠰᠤᠨ ᠪᠤᠰᠤ ᠦᠢᠯᠡ ᠠᠵᠢᠯᠯᠠᠭ᠎ᠠ ᠭᠠᠷᠤᠭᠰᠠᠨ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠰᠢᠳᠬᠡᠨ ᠲᠣᠷᠭᠠᠵᠤ᠂ ᠬᠤᠷᠳᠤᠴᠠ ᠬᠡᠲᠦᠷᠡᠭᠦᠯᠦᠭᠰᠡᠨ᠂ ᠳᠠᠭᠠᠭᠠᠴᠠ ᠠᠴᠠ ᠬᠡᠲᠦᠷᠡᠭᠦᠯᠦᠭᠰᠡᠨ᠂ ᠲᠣᠭᠲᠠᠭᠠᠯ ᠶᠣᠰᠣᠭᠠᠷ ᠲᠡᠷᠭᠡᠨ ᠵᠠᠮ ᠢᠶᠠᠷ ᠶᠠᠪᠤᠭᠤᠯᠤᠭᠰᠠᠨ ᠥᠭᠡᠢ ᠵᠡᠷᠭᠡ ᠵᠠᠮ ᠬᠠᠷᠢᠯᠴᠠᠭᠠᠨ  ᠎ ᠤ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠢ ᠦᠢᠯᠡ ᠠᠵᠢᠯᠯᠠᠭ᠎ᠠ ᠲᠠᠢ ᠲᠡᠷᠭᠡ ᠬᠥᠰᠬᠡ ᠎ ᠶᠢ ᠠᠭᠤᠷᠬᠠᠢ ᠶᠢᠨ ᠣᠷᠣᠨ  ᠎ ᠤ ᠳᠤᠮᠳᠠ ᠠᠨᠭᠬᠢ ᠠᠴᠠ ᠭᠡᠷᠡᠴᠢ ᠠᠪᠬᠤ ᠶᠢᠨ ᠬᠠᠮᠲᠤ ᠬᠠᠤᠯᠢ ᠠᠴᠠ ᠵᠥᠷᠢᠴᠡᠭᠰᠡᠨ  ᠎ ᠢ  ᠰᠢᠢᠳᠪᠦᠷᠢᠯᠡᠬᠦ ᠬᠡᠷᠡᠭᠲᠡᠢ᠃        ᠲᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠠᠭᠤᠷᠬᠠᠢ ᠶᠢᠨ ᠣᠷᠣᠨ ᠤ ᠲᠡᠷᠭᠡ ᠬᠥᠰᠬᠡ ᠳᠤᠷ᠎ᠠ ᠪᠠᠷ ᠢᠶᠠᠨ ᠰᠠᠴᠤᠬᠤ᠂ ᠳᠠᠭᠠᠭᠠᠴᠠ ᠠᠴᠠ ᠬᠡᠲᠦᠷᠡᠬᠦ ᠵᠡᠷᠭᠡ ᠠᠮᠠᠷᠬᠠᠨ ᠲᠣᠭᠤᠰᠣ ᠳᠡᠭᠳᠡᠬᠦ ᠪᠣᠬᠢᠷᠲᠤᠯ ᠎ ᠤᠨ ᠬᠠᠮᠢᠶᠠᠷᠤᠯᠲᠠ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠳᠠᠪᠲᠠᠮᠵᠢ ᠤᠳᠠᠭ᠎ᠠ ᠪᠠᠨ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠪᠤᠰᠤ ᠰᠢᠯᠵᠢᠮᠡᠯ ᠮᠧᠬᠠᠨᠢᠭ ᠤᠨ ᠪᠠᠶᠢᠳᠠᠯ ᠢ ᠣᠶᠢᠯᠠᠭᠠᠵᠤ ᠪᠠᠶᠢᠴᠠᠭᠠᠬᠤ ᠪᠠ ᠳ᠋ᠤᠭᠠᠷᠯᠠᠬᠤ ᠠᠵᠢᠯ ᠢ ᠲᠦᠷᠭᠡᠳᠬᠡᠨ ᠥᠷᠨᠢᠭᠦᠯᠵᠦ᠂ ᠴᠠᠬᠢᠯᠭᠠᠨ ᠬᠥᠳᠡᠯᠭᠡᠭᠦᠷᠲᠦ ᠵᠢᠴᠢ ᠤᠰᠤᠲᠥ᠋ᠷᠥᠭᠴᠢ ᠡᠨᠧᠷᠭᠢ ᠵᠡᠷᠭᠡ ᠰᠢᠨ᠎ᠡ ᠡᠨᠧᠷᠭᠢ ᠶᠢᠨ ᠲᠡᠷᠭᠡ ᠬᠥᠰᠬᠡ ᠶᠢ ᠶᠡᠬᠡᠪᠡᠷ ᠳᠡᠯᠭᠡᠷᠡᠭᠦᠯᠬᠦ ᠶᠢᠨ ᠬᠠᠮᠲᠤ ᠠᠵᠤ ᠠᠬᠤᠶᠢᠯᠠᠯ ᠤᠨ ᠭᠠᠳᠠᠭᠰᠢᠯᠠᠭᠤᠯᠤᠯᠲᠠ ᠎ ᠶᠢ ᠰᠢᠯᠭᠠᠨ ᠪᠠᠶᠢᠴᠠᠭᠠᠬᠤ ᠪᠠ ᠲᠡᠭᠡᠭᠡᠪᠦᠷᠢ ᠶᠢᠨ ᠲᠡᠷᠭᠡ ᠬᠥᠰᠬᠡ ᠶᠢ ᠴᠠᠬᠢᠯᠭᠠᠨᠴᠢᠯᠠᠨ ᠥᠭᠡᠷᠡᠴᠢᠯᠡᠬᠦ ᠶᠢ ᠵᠣᠷᠢᠭᠵᠢᠭᠤᠯᠵᠤ᠂ ᠭᠠᠳᠠᠭᠰᠢᠯᠠᠭᠤᠯᠤᠯᠲᠠ ᠶᠢᠨ ᠪᠣᠬᠢᠷᠲᠤᠯ ᠢ ᠴᠢᠷᠮᠠᠶᠢᠨ ᠪᠠᠭᠠᠰᠬᠠᠵᠤ᠂ ᠠᠮᠢ ᠠᠬᠤᠢ ᠣᠷᠴᠢᠨ ᠲᠣᠭᠤᠷᠢᠨ ᠢ ᠤᠯᠠᠮ ᠴᠢᠨᠠᠭᠰᠢᠳᠠ ᠰᠠᠶᠢᠵᠢᠷᠠᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号