ᠪᠥᠬᠦ ᠬᠤᠲᠠ ᠶᠢᠨ ᠰᠠᠯᠠᠭᠠᠨ ᠤ ᠲᠠᠰ ᠤᠨ ᠵᠠᠯᠠᠭᠤ ᠺᠠᠳ᠋ᠷᠴᠤᠳ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/8/5
     8 ᠰᠠᠷ᠎ᠠ ᠶᠢᠨ 2᠎ ᠤᠨ ᠡᠳᠦᠷ᠂ ᠪᠥᠬᠦ ᠬᠤᠲᠠ ᠶᠢᠨ ᠰᠠᠯᠠᠭᠠᠨ ᠤ ᠲᠠᠰ ᠤᠨ ᠵᠠᠯᠠᠭᠤ ᠺᠠᠳ᠋ᠷᠴᠤᠳ ᠤᠨ ᠶᠠᠷᠢᠯᠴᠠᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠧᠩ ᠰᠢᠤᠸᠠᠢ ᠲᠤᠤ ᠬᠤᠷᠠᠯ ᠡᠷᠭᠢᠯᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠦᠢ ᠵᠢᠩ ᠶᠢᠩ ᠬᠤᠷᠠᠯ ᠳᠤ ᠣᠷᠣᠯᠴᠠᠪᠠ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠵᠠᠯᠠᠭᠤ ᠺᠠᠳ᠋ᠷᠴᠤᠳ ᠤᠨ ᠲᠤᠬᠠᠢ ᠴᠢᠬᠤᠯᠠ ᠥᠭᠦᠯᠡᠯᠲᠡ ᠵᠢᠴᠢ ᠪᠦᠬᠦ ᠤᠯᠤᠰ᠂ ᠪᠦᠬᠦ ᠣᠷᠣᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠰᠠᠯᠠᠭᠠᠨ ᠤ ᠳᠡᠰ ᠤᠨ 11 ᠺᠠᠳ᠋ᠷ ᠤᠨ ᠲᠥᠯᠥᠭᠡᠯᠡᠭᠴᠢ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠲᠠᠩ ᠢ ᠵᠢᠭᠠᠵᠤ ᠭᠠᠷᠭᠠᠭᠰᠠᠨ ᠨᠢ᠂ ᠵᠠᠯᠠᠭᠤ ᠺᠠᠳ᠋ᠷᠴᠤᠳ ᠪᠣᠯ ᠮᠠᠨ ᠤ ᠬᠤᠲᠠ ᠶᠢᠨ ᠡᠯ᠎ᠡ ᠹᠷᠣᠨᠲ ᠤᠨ ᠰᠢᠨ᠎ᠡ ᠶᠢ ᠡᠭᠦᠳᠴᠦ ᠦᠢᠯᠡᠰ ᠪᠤᠰᠬᠠᠬᠤ ᠰᠢᠨ᠎ᠡ ᠰᠣᠷᠭᠤᠭ ᠬᠦᠴᠦᠨ ᠮᠥᠨ᠂ ᠮᠥᠨ ᠴᠦ ᠢᠷᠡᠭᠡᠳᠦᠶ ᠶᠢᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠲᠤᠯᠭᠠᠭᠤᠷᠢ ᠬᠦᠴᠦᠨ ᠮᠥᠨ᠂ ᠣᠯᠠᠨ ᠢᠶᠠᠷ ᠢᠶᠠᠨ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠶ ᠪᠠᠶᠢᠬᠤ ᠶᠢ ᠬᠦᠰᠡᠵᠦ ᠪᠠᠶᠢᠨ᠎ᠠ᠂ ᠢᠮᠠᠭᠲᠠ ︽ᠢᠲᠡᠭᠡᠯ ᠪᠠᠲᠤ᠂ ᠠᠷᠠᠳ ᠲᠦᠮᠡᠨ ᠳᠤ ᠦᠢᠯᠡᠴᠢᠯᠡᠬᠦ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠪᠣᠳᠠᠲᠠᠢ ᠶᠢ ᠡᠷᠬᠢᠮᠯᠡᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ︾ ᠰᠠᠶᠢᠨ ᠺᠠᠳ᠋ᠷ ᠤᠨ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠤᠬᠠᠮᠰᠠᠷ ᠠᠴᠠ ᠪᠠᠨ ᠰᠡᠳᠬᠢᠯ ᠳᠡᠭᠡᠨ ᠨᠠᠮ ᠢᠶᠠᠨ ᠪᠤᠳᠤᠵᠤ᠂ ᠰᠡᠳᠬᠢᠯ ᠳᠡᠭᠡᠨ ᠠᠷᠠᠳ ᠢᠶᠠᠨ ᠪᠤᠳᠤᠵᠤ᠂ ᠰᠡᠳᠬᠢᠯ ᠳᠡᠭᠡᠨ ᠬᠠᠷᠢᠭᠤᠴᠠᠯᠭ᠎ᠠ ᠲᠠᠢ᠂ ᠰᠡᠳᠬᠢᠯ ᠳᠡᠭᠡᠨ ᠴᠡᠭᠡᠷ ᠲᠠᠢ ᠪᠠᠶᠢᠬᠤ ᠶᠢ ᠪᠡᠶᠡᠯᠡᠭᠦᠯᠵᠦ᠂ ᠦᠬᠠᠢ ᠶᠢᠨ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠥᠨᠳᠥᠷ ᠪᠦᠲᠦᠮᠵᠢᠲᠡᠢ ᠵᠠᠰᠠᠯᠲᠠ ᠶᠢ ᠪᠡᠶᠡᠯᠡᠭᠦᠯᠬᠦ ᠶᠢ ᠠᠬᠢᠭᠤᠯᠬᠤ ᠳᠤᠮᠳᠠ ᠬᠠᠷᠢᠭᠤᠴᠠᠯᠭ᠎ᠠ ᠪᠠᠨ ᠢᠯᠡᠷᠡᠭᠦᠯᠵᠦ᠂ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠬᠦ ᠪᠠᠷ ᠴᠢᠷᠮᠠᠶᠢᠬᠤ ᠬᠡᠷᠡᠭᠲᠡᠢ ᠬᠡᠵᠡᠢ᠃        ᠲᠠᠩ ᠢ ᠴᠢᠬᠤᠯᠠᠴᠢᠯᠠᠭᠰᠠᠨ ᠨᠢ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠤᠨᠤᠯ ᠢᠶᠠᠷ ᠵᠡᠪᠰᠡᠭᠯᠡᠬᠦ ᠶᠢ ᠴᠢᠨᠠᠭᠰᠢᠳᠠ ᠴᠢᠩᠭᠠᠳᠬᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ ᠲᠦᠷᠦ ᠶᠢᠨ ᠪᠣᠯᠪᠠᠰᠤᠷᠠᠯ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠣᠳᠠᠲᠤ ᠠᠵᠢᠯᠯᠠᠭ᠎ᠠ ᠪᠣᠯᠤᠨ ᠠᠵᠢᠯ ᠤᠨ ᠦᠷ᠎ᠡ ᠪᠦᠲᠦᠮᠵᠢ ᠪᠠᠷ ᠢᠶᠠᠨ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠢᠯᠡᠷᠡᠭᠦᠯᠬᠦ ᠬᠡᠷᠡᠭᠲᠡᠢ᠃ ᠡᠷᠳᠡᠮ ᠴᠢᠳᠠᠪᠤᠷᠢ ᠰᠤᠷᠤᠯᠴᠠᠨ ᠰᠡᠳᠬᠢᠵᠦ ᠦᠢᠯᠡᠳᠦᠯᠭᠡᠵᠢᠭᠦᠯᠬᠦ ᠪᠠᠨ ᠳᠡᠭᠡᠭᠰᠢᠯᠡᠭᠦᠯᠵᠤ᠂ ᠨᠠᠮ ᠤᠨ ᠲᠥᠪ ᠬᠤᠷᠢᠶᠠᠨ ᠤ ᠦᠨᠳᠦᠰᠦᠨ ᠪᠣᠳᠣᠯᠭ᠎ᠠ ᠴᠢᠭᠯᠡᠯᠲᠡ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠣᠳᠣᠷᠬᠠᠶ ᠮᠡᠳᠡᠵᠦ᠂ ᠤᠬᠠᠮᠰᠠᠷ ᠠᠴᠠ ᠪᠠᠨ ᠲᠤᠬᠠᠶᠢᠯᠠᠭᠰᠠᠨ ᠠᠵᠢᠯ ᠢᠶᠠᠨ ᠶᠡᠭᠡ ᠲᠠᠯ᠎ᠠ ᠳᠤ ᠲᠠᠯᠪᠢᠵᠤ ᠬᠢᠨᠠᠨ ᠰᠢᠨᠵᠢᠵᠦ᠂ ᠰᠢᠮᠳᠠᠨ ᠰᠤᠷᠤᠯᠴᠠᠵᠤ᠂ ᠴᠢᠳᠠᠮᠠᠭᠠᠢ ᠪᠠᠷ ᠰᠡᠳᠬᠢᠵᠦ᠂ ᠵᠣᠷᠢᠭᠲᠠᠢ ᠪᠠᠷ ᠦᠢᠯᠡᠳᠦᠯᠭᠡᠵᠢᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠳᠡ ᠶᠢ ᠭᠦᠨᠵᠡᠭᠡᠢ ᠦᠢᠯᠡᠳᠦᠯᠭᠡᠵᠢᠭᠦᠯᠵᠦ᠂ ᠦᠨᠳᠦᠰᠦᠨ ᠱᠠᠲᠤᠨ ᠳᠤ ᠦᠨᠳᠦᠰᠦᠯᠡᠵᠦ᠂ ᠤᠯᠠᠨ ᠲᠦᠮᠡᠨ ᠤ ᠳᠤᠮᠳᠠ ᠦᠨᠳᠦᠰᠦᠯᠡᠵᠦ᠂ ᠠᠵᠢᠯ ᠦᠢᠯᠡᠰ ᠲᠤ ᠦᠨᠳᠦᠰᠦᠯᠡᠵᠦ᠂ ᠤᠯᠠᠨ ᠲᠦᠮᠡᠨ ᠤ ︽ᠪᠠᠴᠢᠮ ᠬᠦᠴᠢᠷ ᠵᠤᠪᠠᠨᠢᠯ ᠡᠷᠡᠮᠡᠯᠵᠡᠯ︾᠎ ᠤᠨ ᠠᠰᠠᠭᠤᠳᠠᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠵᠢᠯ ᠶᠠᠪᠤᠳᠠᠯ ᠬᠢᠵᠦ ᠦᠢᠯᠡᠰ ᠪᠤᠰᠬᠠᠵᠦ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠡᠭᠦᠷᠢᠳᠡ ᠴᠠᠯᠠᠭᠠᠶᠢᠷᠠᠬᠤ ᠦᠭᠡᠢ ᠵᠣᠷᠢᠭ ᠰᠠᠨᠠᠭ᠎ᠠ᠂ ᠬᠠᠷᠢᠭᠤᠴᠠᠯᠭ᠎ᠠ ᠡᠭᠦᠷᠭᠡᠯᠡᠵᠦ ᠠᠵᠢᠯ ᠶᠠᠪᠤᠳᠠᠯ ᠬᠢᠬᠦ ᠰᠥᠰᠥ ᠵᠣᠷᠢᠭ᠂ ᠪᠦᠯᠬᠦᠮᠳᠡᠨ ᠬᠠᠮᠵᠢᠯᠴᠠᠬᠤ ᠬᠡᠬᠦᠳᠡᠭ ᠴᠡᠭᠡᠵᠢ ᠪᠠᠷ ︽ᠵᠤᠷᠰᠢᠯ︾᠎ ᠠᠴᠠ ᠵᠣᠷᠢᠭᠲᠠᠢ ᠪᠠᠷ ᠮᠤᠯᠲᠤᠷᠠᠵᠤ᠂ ︽ᠬᠠᠭᠤᠴᠢᠨ ᠲᠦᠷᠢᠮ︾᠎ ᠢ ᠡᠪᠳᠡᠵᠦ᠂ ᠪᠦᠲᠦᠭᠡᠯᠴᠢ ᠴᠢᠨᠠᠷᠲᠠᠢ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠡᠯ᠎ᠡ ᠵᠦᠢᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ ᠬᠤᠷᠢᠭ᠎ᠠ ᠱᠤᠭᠤᠮ ᠢ ᠰᠠᠬᠢᠵᠤ᠂ ᠪᠢᠰᠢᠷᠡᠨ ᠵᠢᠷᠦᠬᠡᠰᠢᠶᠡᠬᠦ ᠰᠡᠳᠬᠢᠯᠭᠡ ᠶᠢ ᠬᠡᠵᠢᠶᠡᠳᠡ ᠡᠪᠦᠷᠯᠡᠵᠦ᠂ ᠡᠷᠬᠡ ᠪᠠᠨ ᠭᠤᠣᠯᠴᠢ ᠪᠠᠷ ᠬᠡᠷᠡᠭᠯᠡᠬᠦ ᠶᠢ ᠪᠠᠷᠢᠮᠲᠠᠯᠠᠵᠤ᠂ ᠠᠷᠢᠭᠤᠨ ᠴᠢᠬᠡᠴᠢ ᠮᠥᠨ ᠴᠢᠨᠠᠷ ᠢᠶᠠᠨ ᠡᠭᠦᠷᠢᠳᠡ ᠬᠠᠳᠠᠭᠠᠯᠠᠵᠤ᠂ ᠢᠮᠠᠭᠲᠠ ᠴᠤᠭ ᠪᠠᠳᠠᠷᠠᠩᠭᠤᠢ᠂ ᠣᠮᠤᠭ ᠰᠦᠷ᠂ ᠰᠦᠷ ᠵᠢᠪᠬᠤᠯᠠᠩᠲᠠᠢ ᠲᠥᠪ ᠰᠤᠷᠲᠠᠯ ᠢᠶᠠᠨ ᠪᠠᠷᠢᠮᠲᠠᠯᠠᠵᠤ᠂ ᠬᠤᠪᠢ ᠬᠥᠮᠦᠨ ᠤ ᠰᠠᠶᠢᠨ ᠰᠤᠷᠲᠠᠯ ᠢᠶᠠᠷ ᠢᠶᠠᠨ ᠨᠠᠮ ᠤᠨ ᠰᠠᠶᠢᠨ ᠲᠦᠷᠢ ᠲᠥᠷᠬᠦ ᠶᠢ ᠬᠠᠮᠠᠭᠠᠯᠠᠬᠤ ᠬᠡᠷᠡᠭᠲᠡᠢ ᠬᠡᠵᠡᠢ᠃  
 
ᠢᠷᠡᠯᠲᠡ᠄ ᠦᠬᠠᠢ ᠶᠢᠨ ᠡᠳᠤᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号