ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠬᠢᠵᠢᠭ ᠎ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2021/8/6
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠮᠵᠢ ᠶᠢᠨ ᠣᠷᠣᠨ ᠵᠡᠷᠭᠡ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠰᠣᠶᠣᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠡᠮᠬᠢ ᠵᠢᠷᠤᠮ ᠲᠠᠢ ᠨᠡᠭᠡᠭᠡᠯᠲᠡ ᠶᠢ ᠦᠨᠡᠨ ᠬᠦ ᠪᠠᠲᠤᠯᠠᠬᠤ ᠶᠢᠨ ᠲᠥᠯᠥᠭᠡ᠂ 8 ᠰᠠᠷ᠎ᠠ ᠶᠢᠨ 4᠎ ᠤ ᠦᠳᠡ ᠶᠢᠨ ᠡᠮᠦᠨ᠎ᠡ᠂ ᠬᠠᠶᠢᠷᠤᠪ ᠤᠨ ᠲᠣᠬᠤᠶ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠲᠦᠷᠦᠭᠦᠯᠡᠨ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠬᠤᠪᠢᠶᠠᠷᠢ ᠲᠣᠪᠴᠢᠶ᠎ᠠ ᠲᠠᠢ ᠬᠠᠮᠲᠤᠷᠠᠨ ᠦᠵᠡᠮᠵᠢ ᠶᠢᠨ ᠣᠷᠣᠨ᠂ ᠰᠦᠯᠵᠢᠶᠡᠨ ᠤ ᠪᠠᠭᠠᠷ ᠵᠢᠴᠢ ᠤᠮᠪᠠᠯᠲᠠ ᠶᠢᠨ ᠲᠠᠯᠠᠪᠠᠶ ᠣᠷᠳᠣᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠬᠢᠪᠠ᠃
     ᠡᠨᠡ ᠤᠳᠠᠭ᠎ᠠ ᠮᠦᠩᠭᠦᠨ ᠴᠡᠴᠡᠭ᠂ ᠳ᠋ᠧᠦ ᠢᠦ᠋ᠶ ᠴᠠᠬᠢᠯᠭᠠᠨ ᠥᠷᠢᠰᠥᠯᠳᠦᠭᠡᠨ᠂  ᠵᠢᠤᠸᠧ  ᠴᠢ ᠰᠦᠯᠵᠢᠶ᠎ᠡ ᠪᠠᠭᠠᠷ ᠵᠢᠴᠢ ᠾᠧᠩ ᠳ᠋ᠡ ᠤᠮᠪᠠᠯᠲᠠ ᠶᠢᠨ ᠣᠷᠳᠣᠨ ᠵᠡᠷᠭᠡ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠢ ᠪᠠᠶᠢᠴᠠᠭᠠᠵᠤ᠂ ᠠᠵᠢᠯᠲᠠᠨ ᠤ ᠳᠠᠩᠰᠠᠯᠠᠭᠰᠠᠨ ᠪᠠᠶᠢᠳᠠᠯ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠯᠠᠪᠯᠠᠭᠰᠠᠨ ᠪᠠᠶᠢᠳᠠᠯ᠂ ᠲᠠᠯᠠᠪᠤᠷ ᠭᠠᠵᠠᠷ ᠢ ᠠᠷᠢᠭᠤᠳᠬᠠᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ᠎ᠠ᠃ ᠪᠠᠶᠢᠴᠠᠭᠠᠯᠲᠠ ᠎ ᠶᠢᠨ ᠳᠤᠮᠳᠠ ᠣᠯᠵᠤ ᠮᠡᠳᠡᠭᠰᠡᠨ ᠨᠢ᠂ ᠡᠯ᠎ᠡ ᠲᠠᠯᠠᠪᠤᠷ ᠭᠠᠵᠠᠷ ᠤᠨ ᠠᠷᠢᠭᠤᠳᠬᠠᠨ ᠴᠡᠪᠡᠷᠯᠡᠵᠦ ᠪᠠᠶᠢᠭ᠎ᠠ ᠪᠠᠶᠢᠳᠠᠯ ᠨᠡᠯᠢᠶᠡᠳ ᠰᠠᠶᠢᠨ᠂ ᠳᠡᠩᠰᠡᠯᠡᠨ ᠲᠡᠮᠳᠡᠭᠯᠡᠭᠦᠯᠦᠭᠰᠡᠨ ᠮᠡᠳᠡᠭᠡ ᠵᠠᠩᠭᠢ ᠨᠢ ᠪᠦᠷᠢᠨ ᠲᠡᠭᠦᠯᠳᠡᠷ ᠪᠠᠶᠢᠬᠤ ᠶᠢᠨ ᠬᠠᠮᠲᠤ ᠳᠡᠩᠰᠡᠯᠡᠨ ᠲᠡᠮᠳᠡᠭᠯᠡᠭᠦᠯᠦᠭᠰᠡᠨ ᠮᠡᠳᠡᠭᠡ ᠵᠠᠩᠭᠢ ᠶᠢ ᠳᠡᠪᠲᠡᠷᠯᠡᠭᠰᠡᠨ ᠥᠬᠡᠶ᠂ ᠠᠷᠢᠭᠤᠳᠬᠠᠭᠰᠠᠨ ᠡᠳ᠋ ᠪᠣᠳᠠᠰ ᠢ ᠲᠣᠭᠲᠠᠮᠠᠯ ᠲᠠᠯᠪᠢᠬᠤ ᠴᠡᠭ ᠥᠬᠡᠶ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠨᠡ ᠤᠳᠠᠭ᠎ᠠ ᠶᠢᠨ ᠢᠯᠡᠷᠡᠭᠦᠯᠦᠭᠰᠡᠨ ᠠᠮᠤᠷ ᠲᠦᠪᠰᠢᠨ ᠤ ᠬᠡᠮ ᠰᠣᠭᠤᠭ ᠲᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠬᠠᠮᠢᠶ᠎ᠠ ᠪᠥᠬᠦᠶ ᠨᠢᠭᠡᠴᠢ ᠶᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠂ ᠮᠠᠨ ᠤ ᠲᠣᠪᠴᠢᠶ᠎ᠠ ᠳᠠᠬᠢᠨᠲᠠ ᠪᠠᠶᠢᠴᠠᠭᠠᠯᠲᠠ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠬᠤ ᠪᠣᠯᠤᠨ᠎ᠠ᠃      ᠳᠡᠳ᠋ ᠲᠣᠪᠴᠢᠶᠠᠨ ᠳᠠᠷᠤᠭ᠎ᠠ ᠴᠧᠨ ᠰᠢᠨ᠄ 《 ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠨᠢᠭᠡ ᠳᠤ ᠣᠷᠣᠵᠤ ᠭᠠᠷᠬᠤ ᠬᠥᠮᠦᠰ ᠤᠨ ᠮᠡᠳᠡᠭᠡ ᠵᠠᠩᠭᠢ ᠎ ᠶᠢ ᠳᠠᠩᠰᠠᠯᠠᠬᠤ᠂ ᠬᠠᠯᠠᠭᠤᠨ ᠢ ᠬᠡᠮᠵᠢᠬᠦ ᠪᠠ ᠠᠷᠢᠭᠤᠳᠬᠠᠬᠤ ᠠᠵᠢᠯ ᠢ ᠴᠢᠩᠭᠠᠳᠬᠠᠬᠤ ᠬᠡᠷᠡᠭᠲᠡᠶ᠃ ᠬᠤᠶᠠᠷ ᠲᠤ᠂ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠪᠠ ᠠᠮᠤᠷ ᠲᠦᠪᠰᠢᠨ ᠢ ᠰᠠᠶᠢᠲᠤᠷ ᠬᠢᠵᠦ᠂ ᠠᠷᠢᠭᠤᠳᠬᠠᠨ ᠴᠡᠪᠡᠷᠯᠡᠬᠦ ᠤᠳᠠᠭ᠎ᠠ ᠪᠠ ᠡᠷᠴᠢᠮ ᠢᠶᠠᠨ ᠴᠢᠩᠭᠠᠷᠠᠭᠤᠯᠤᠨ᠎ᠠ᠃ ᠭᠤᠷᠪᠠ ᠳᠤ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠪᠡᠯᠡᠳᠬᠡᠯ ᠲᠥᠰᠦᠯ ᠢ ᠰᠠᠶᠢᠲᠤᠷ ᠬᠢᠵᠦ᠂ ᠭᠡᠨᠡᠳᠲᠡ ᠡᠭᠦᠰᠬᠦ ᠳᠠᠯᠳᠠ ᠭᠡᠮ ᠤᠨ ᠬᠡᠷᠡᠭ ᠲᠣᠬᠢᠶᠠᠯᠳᠤᠪᠠᠯ ᠴᠠᠭ ᠲᠤᠬᠠᠶ ᠳᠤᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ᠂ ᠰᠡᠷᠭᠡᠶᠢᠯᠡᠨ ᠡᠵᠡᠮᠳᠡᠬᠦ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ 》      ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠦᠷᠭᠦᠯᠵᠢᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠎ ᠶᠢ ᠪᠠᠶᠢᠩᠭᠤᠵᠢᠭᠤᠯᠵᠤ᠂ ᠬᠠᠶᠢᠷᠤᠪ ᠤᠨ ᠲᠣᠬᠤᠶ ᠲᠣᠭᠤᠷᠢᠭ ᠤᠨ ᠠᠮᠤᠷ ᠲᠦᠪᠰᠢᠨ ᠰᠠᠶᠢᠨ ᠰᠠᠶᠢᠬᠠᠨ ᠰᠣᠶᠣᠯ ᠵᠤᠭ᠎ᠠ ᠴᠡᠩᠭᠡᠯ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号