ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠤᠰᠬᠠᠶ ᠴᠡᠭᠴᠡᠯᠡᠨ ᠵᠠᠰᠠᠯᠲᠠ ᠶᠢ ᠨᠡᠶᠢᠲᠡᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/8/6
  ᠰᠤᠷᠭᠠᠨ ᠬᠥᠮᠦᠵᠢᠯ ᠤᠨ ᠶᠠᠮᠤᠨ᠂ ᠰᠤᠷᠭᠠᠨ ᠬᠥᠮᠦᠵᠢᠯ ᠤᠨ ᠲᠢᠩᠬᠢᠮ ᠤᠨ 《 ᠬᠤᠶᠠᠷ ᠢ ᠪᠠᠭᠠᠰᠬᠠᠬᠤ 》 ᠠᠵᠢᠯ ᠤᠨ ᠪᠠᠶᠢᠷᠢᠯᠠᠭᠤᠯᠤᠯᠲᠠ ᠪᠣᠯᠤᠨ ᠳᠡᠭᠡᠳᠦ ᠱᠠᠲᠤᠨ ᠤ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ  ᠲᠤᠭᠤᠷᠢᠭ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠤᠰᠬᠠᠶ ᠴᠡᠭᠴᠡᠯᠡᠨ ᠵᠠᠰᠠᠬᠤ ᠠᠵᠢᠯ ᠢ ᠠᠬᠢᠭᠤᠯᠬᠤ ᠶᠢᠨ ᠲᠤᠰᠠᠳᠠ᠂ ᠡᠳᠦᠭᠡ ᠬᠠᠮᠢᠶ᠎ᠠ ᠪᠥᠬᠦᠶ ᠵᠦᠶᠯᠡᠰ ᠢ ᠳᠣᠤᠷᠠᠬᠢ ᠮᠡᠲᠦ ᠵᠠᠷᠯᠠᠪᠠ᠄ ᠨᠢᠭᠡ ᠳᠤ ᠡᠨᠡ ᠵᠢᠯ ᠤᠨ ᠵᠣᠨ ᠤ ᠠᠮᠠᠷᠠᠯᠲᠠ ᠠᠴᠠ ᠡᠬᠢᠯᠡᠨ᠂ ᠬᠤᠶᠢᠰᠢᠳᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠡᠪᠦᠯ ᠵᠣᠨ ᠤ ᠠᠮᠠᠷᠠᠯᠲᠠ ᠶᠢ ᠠᠰᠢᠭᠯᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠬᠢᠴᠢᠶᠡᠯ ᠲᠥᠷᠥᠯ ᠤᠨ ᠪᠣᠯᠪᠠᠰᠤᠷᠠᠭᠤᠯᠤᠯ ᠢ ᠥᠷᠨᠢᠭᠦᠯᠵᠦ ᠪᠣᠯᠬᠤ ᠥᠬᠡᠶ ᠪᠥᠭᠡᠳ ᠠᠯᠬᠤᠮ ᠠᠯᠬᠤᠮ ᠢᠶᠠᠷ ᠪᠠᠶᠢᠩᠭᠤᠵᠢᠭᠤᠯᠬᠤ ᠬᠡᠷᠡᠭᠲᠡᠶ᠃ ᠬᠤᠶᠠᠷ ᠲᠤ ᠰᠢᠨᠵᠢᠯᠡᠭᠡᠨ ᠤ ᠰᠠᠯᠠᠭ᠎ᠠ ᠶᠢᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠪᠠᠶᠢᠭᠤᠯᠬᠤ ᠶᠢ ᠬᠢᠨᠠᠨ ᠵᠥᠪᠰᠢᠶᠡᠷᠡᠬᠦ ᠶᠢ ᠵᠣᠭᠰᠣᠭᠠᠨ᠎ᠠ᠃ ᠭᠤᠷᠪᠠ ᠳᠤ᠂ ᠦᠨᠡᠮᠯᠡᠯ ᠨᠢ ᠪᠦᠷᠢᠨ ᠪᠤᠰᠤ᠂ ᠲᠤᠬᠠᠶᠢᠯᠠᠭᠰᠠᠨ ᠠᠵᠢᠯ ᠤᠨ ᠬᠡᠪᠴᠢᠶᠡᠨ ᠠᠴᠠ ᠳᠠᠪᠠᠭᠰᠠᠨ ᠪᠣᠯᠪᠠᠰᠤᠷᠠᠭᠤᠯᠤᠯ ᠥᠷᠨᠢᠭᠦᠯᠦᠭᠰᠡᠨ ᠪᠤᠶᠤ ᠨᠡᠶᠢᠭᠡᠮ ᠲᠣᠭᠤᠷᠢᠭ ᠲᠤ ᠠᠷᠠᠳ ᠠᠴᠠ ᠲᠦᠷᠢᠶᠡᠰᠦᠯᠡᠨ ᠬᠡᠷᠡᠭᠯᠡᠵᠦ ᠠᠩᠭᠢ ᠡᠷᠬᠢᠯᠡᠬᠦ ᠪᠠᠶᠢᠭᠤᠯᠤᠮᠵᠢ ᠶᠢ ᠪᠦᠬᠦ ᠲᠠᠯ᠎ᠠ ᠪᠠᠷ ᠴᠡᠪᠡᠷᠯᠡᠨ᠎ᠡ᠃ ᠳᠥᠷᠪᠡ ᠳᠤ ᠳᠤᠮᠳᠠᠳᠤ ᠪᠠᠭ᠎ᠠ ᠰᠤᠷᠭᠠᠭᠤᠯᠢ ᠎ ᠶᠢᠨ ᠠᠵᠢᠯ ᠳᠤ ᠪᠠᠶᠢᠭ᠎ᠠ ᠪᠠᠭᠰᠢ ᠨᠠᠷ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠪᠤᠶᠤ ᠵᠣᠬᠢᠶᠠᠨ ᠪᠠᠶᠢᠭᠤᠯᠬᠤ ᠳᠤ ᠣᠷᠣᠯᠴᠠᠬᠤ ᠪᠣᠯᠪᠠᠰᠤᠷᠠᠭᠤᠯᠤᠯ ᠤᠨ ᠬᠠᠪᠰᠤᠷᠤᠨ ᠵᠢᠯᠣᠭᠤᠳᠬᠤ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠶᠳᠪᠦᠷᠢᠯᠡᠬᠦ ᠬᠡᠷᠡᠭᠲᠡᠶ᠃ ᠲᠠᠪᠤ ᠳᠤ᠂ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠨᠠᠷ ᠲᠣᠭᠲᠠᠭᠠᠯ ᠠᠴᠠ ᠵᠥᠷᠢᠴᠡᠨ ᠰᠦᠶᠳᠬᠡᠯ ᠬᠤᠷᠢᠶᠠᠵᠤ ᠬᠢᠴᠢᠶᠡᠯ ᠨᠥᠬᠦᠬᠦ ᠵᠡᠷᠭᠡ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠨ᠎ᠡ᠃      ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠬᠤ ᠶᠢᠨ ᠲᠥᠯᠥᠭᠡ᠂ ᠣᠲᠣ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠲᠤᠰᠬᠠᠶ ᠴᠡᠭᠴᠡᠯᠡᠨ ᠵᠠᠰᠠᠬᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠂ ᠰᠢᠦᠳᠠᠨ ᠤ ᠬᠠᠶᠢᠷᠴᠠᠭ ᠵᠢᠴᠢ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠰᠦᠯᠵᠢᠶᠡᠨ ᠬᠠᠶ᠋ᠢᠭ᠂ ᠲᠠᠪᠴᠠᠩ ᠤᠨ ᠬᠤᠶᠠᠷ ᠬᠡᠮᠵᠢᠯᠳᠦ ᠺᠣᠳ᠋ ᠢ ᠨᠡᠶᠢᠭᠡᠮ ᠳᠤ ᠢᠯᠡ ᠪᠣᠯᠭᠠᠬᠤ ᠶᠢ ᠬᠦᠰᠡᠵᠦ ᠪᠠᠶᠢᠨ᠎ᠠ᠂ ᠨᠡᠶᠢᠭᠡᠮ ᠤᠨ ᠡᠯ᠎ᠡ ᠡᠲᠡᠭᠡᠳ᠂ ᠥᠷᠭᠡᠨ ᠣᠯᠠᠨ ᠪᠠᠭᠰᠢ ᠰᠣᠷᠣᠭᠴᠢ᠂ ᠬᠡᠷ ᠤᠨ ᠠᠬᠠᠮᠠᠳ ᠬᠢᠨᠠᠯᠲᠠ ᠲᠠᠯᠪᠢᠬᠤ ᠳᠤ ᠬᠠᠮᠲᠤ ᠪᠠᠷ ᠣᠷᠣᠯᠴᠠᠵᠤ᠂ ᠮᠠᠨ ᠎ ᠤ ᠬᠤᠲᠠ ᠶᠢᠨ ᠰᠠᠶᠢᠨ ᠰᠠᠶᠢᠬᠠᠨ ᠰᠤᠷᠭᠠᠨ ᠬᠥᠮᠦᠵᠢᠯ ᠤᠨ ᠠᠮᠢ ᠠᠬᠤᠶ ᠶᠢ ᠬᠠᠮᠲᠤ ᠪᠠᠷ ᠪᠣᠶ ᠪᠣᠯᠭᠠᠭᠠᠷᠠᠶ᠃     ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠂ ᠰᠢᠦᠳᠠᠨ ᠬᠠᠶᠢᠷᠴᠠᠭ᠄ 0473 —2059618 hbwqjyjpxjg @ 163 . com      ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠰᠦᠯᠵᠢᠶᠡᠨ ᠤ ᠬᠠᠶ᠋ᠢᠭ᠂ ᠲᠠᠪᠴᠠᠩ ᠤᠨ ᠬᠤᠶᠠᠷ ᠬᠡᠮᠵᠢᠯᠳᠦ ᠺᠣᠳ᠋᠄ https᠄ / / www . wjx . cn / Vj / Y 7 Fw 0 Sm . aspx
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号