ᠪᠣᠬᠢᠷᠲᠤᠯ ᠥᠬᠡᠶ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2021/8/6
 《 ᠠᠷᠪᠠᠨ ᠳᠥᠷᠪᠡᠳᠦᠭᠡᠷ ᠲᠠᠪᠤᠨ ᠵᠢᠯ 》᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠠᠶᠢᠷᠤᠪ ᠤᠨ ᠲᠣᠬᠤᠶ ᠲᠣᠭᠤᠷᠢᠭ ᠦᠷᠭᠦᠯᠵᠢᠯᠡᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠵᠠᠰᠠᠬᠤ ᠶᠢ ᠪᠠᠷᠢᠮᠲᠠᠯᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠣᠯᠤᠨ᠎ᠠ᠃      ᠠᠮᠢ ᠠᠬᠤᠢ ᠶᠢᠨ ᠣᠷᠴᠢᠨ ᠲᠣᠭᠤᠷᠢᠨ  ᠎ ᠢ ᠬᠠᠮᠠᠭᠠᠯᠠᠵᠤ ᠢᠷᠡᠭᠡᠳᠦᠢ ᠶᠢᠨ ᠬᠥᠭᠵᠢᠯᠲᠡ ᠶᠢ ᠲᠡᠮᠡᠴᠡᠨ ᠣᠯᠤᠨ᠎ᠠ᠃ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠪᠣᠯ ᠳᠠᠷᠤᠢ ᠦᠢᠯᠡᠳᠪᠦᠷᠢᠯᠡᠯ ᠤᠨ ᠬᠦᠴᠦᠨ ᠢ ᠬᠠᠮᠠᠭᠠᠯᠠᠵᠤ ᠪᠠᠶᠢᠭ᠎ᠠ ᠶᠠᠪᠤᠳᠠᠯ ᠮᠥᠨ᠂ ᠠᠮᠢ ᠠᠬᠤᠢ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠪᠣᠯ ᠳᠠᠷᠤᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠪᠠᠶᠢᠭ᠎ᠠ ᠶᠠᠪᠤᠳᠠᠯ ᠮᠥᠨ᠃ ᠮᠠᠨ ᠤ ᠬᠤᠲᠠ ᠤᠯᠠᠭᠠᠨᠪᠤᠬ᠎ᠠ ᠶᠢᠨ ᠡᠯᠡᠰᠦ᠂ ᠬᠥᠪᠴᠢ ᠶᠢᠨ ᠡᠯᠡᠰᠦ ᠪᠠ ᠮᠤᠤᠠᠤᠰᠤ ᠶᠢᠨ ᠡᠯᠡᠰᠦ ᠶᠢᠨ ᠠᠭᠤᠯᠵᠠᠷ ᠲᠤ ᠪᠠᠶᠢᠷᠢᠯᠠᠵᠤ᠂ ᠬᠤᠲᠠ ᠶᠢᠨ ᠨᠣᠭᠤᠭᠠᠨ ᠪᠦᠷᠢᠳᠦ ᠭᠤᠷᠪᠠᠨ ᠶᠡᠭᠡ ᠡᠯᠡᠰᠦᠨ ᠴᠥᠯ ᠤᠨ ᠨᠡᠶᠢᠯᠡᠯᠲᠡ ᠶᠢ ᠬᠤᠷᠢᠭᠯᠠᠵᠤ᠂ ᠬᠠᠲᠤᠨ ᠭᠤᠤᠯ ᠤᠨ ᠠᠮᠢ ᠠᠬᠤᠶ ᠶᠢ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠬᠠᠲᠤᠨ ᠭᠤᠤᠯ ᠳᠤ 《 几 》 ᠥᠰᠥᠭ ᠤᠨ ᠮᠤᠷᠤᠶᠢᠯᠲᠠ ᠶᠢᠨ ᠴᠢᠬᠤᠯᠠ ᠵᠠᠩᠭᠢᠯᠠᠭ᠎ᠠ ᠶᠢᠨ ᠴᠡᠭ ᠪᠣᠯᠵᠣ ᠪᠠᠶᠢᠨ᠎ᠠ᠃      ᠬᠠᠶᠢᠷᠤᠪ ᠤᠨ ᠲᠤᠬᠤᠢ ᠣᠷᠣᠨ ᠤ ᠪᠠᠶᠢᠭᠠᠯᠢ ᠶᠢᠨ ᠠᠮᠢ ᠠᠬᠤᠢ ᠣᠷᠴᠢᠨ ᠲᠣᠭᠤᠷᠢᠨ ᠤ ᠨᠥᠬᠦᠴᠡᠯ ᠲᠤᠶᠢᠯ ᠎ ᠤᠨ ᠮᠠᠭᠤ ᠪᠠᠶᠢᠵᠤ᠂ ᠪᠦᠬᠦ  ᠲᠤᠭᠤᠷᠢᠭ ᠤᠨ ᠠᠷᠠᠳ ᠤᠯᠠᠨ ᠬᠡᠳᠦᠨ ᠠᠷᠪᠠᠨ ᠵᠢᠯ ᠤᠨ ᠲᠤᠷᠰᠢ ᠰᠠᠯᠬᠢ ᠡᠯᠡᠰᠦ ᠎ ᠲᠠᠢ ᠲᠡᠮᠡᠴᠡᠵᠦ᠂ ᠭᠡᠷ ᠣᠷᠣᠨ ᠪᠠᠶᠢᠭᠤᠯᠵᠤ᠂ ᠴᠦᠯᠯᠡᠷᠭᠡᠭ ᠭᠠᠵᠠᠷ ᠢ ᠡᠯᠡᠰᠦᠨ ᠤ ᠨᠣᠭᠤᠭᠠᠨ ᠪᠦᠷᠢᠳᠦ ᠪᠣᠯᠭᠠᠵᠤ᠂ ᠦᠢᠯᠡᠳᠪᠦᠷᠢ ᠠᠭᠤᠷᠬᠠᠢ ᠶᠢᠨ ᠬᠤᠳᠠ ᠪᠣᠯᠭᠠᠨ ᠪᠠᠶᠢᠭᠤᠯᠪᠠ᠃ ᠭᠡᠪᠡᠴᠦ᠂ ᠬᠡᠪᠡᠷᠡᠭ ᠠᠮᠢ ᠠᠬᠤᠢ ᠶᠢᠨ ᠣᠷᠴᠢᠨ ᠲᠣᠭᠤᠷᠢᠨ ᠪᠠᠰᠠ ᠦᠨᠳᠦᠰᠦᠨ ᠠᠴᠠ ᠪᠠᠨ ᠬᠤᠪᠢᠷᠠᠭᠠᠳᠤᠢ ᠪᠠᠶᠢᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠤ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠵᠤ᠂ ᠬᠠᠳᠤᠨ ᠭᠤᠣᠯ ᠤᠨ ᠠᠮᠢ ᠠᠬᠤᠢ ᠶᠢ ᠬᠠᠮᠠᠭᠠᠯᠠᠬᠤ᠂ ᠡᠯᠡᠰᠦᠨ ᠴᠦᠯ ᠤᠨ ᠲᠦᠷᠢᠮᠡᠬᠡᠶᠢᠯᠡᠯ ᠢ ᠡᠰᠡᠷᠭᠦᠴᠡᠬᠦ ᠠᠮᠢ ᠠᠬᠤᠢ ᠶᠢᠨ ᠠᠮᠤᠷ ᠲᠦᠪᠰᠢᠨ ᠤ ᠪᠠᠶᠢᠳᠠᠯ ᠲᠤᠶᠢᠯ ᠤᠨ ᠬᠦᠨᠳᠦ ᠨᠣᠴᠢᠲᠠᠢ ᠪᠠᠶᠢᠨ᠎ᠠ᠃      ᠤᠷᠤᠰᠬᠠᠯ ᠰᠦᠷᠦᠨ ᠣᠩᠭᠤᠴᠠ ᠰᠡᠯᠢᠬᠦ ᠳᠤ ᠤᠷᠤᠭᠰᠢᠯᠠᠬᠤ ᠦᠭᠡᠢ ᠪᠣᠯ ᠤᠬᠤᠷᠢᠨ᠎ᠠ᠃ ᠣᠳᠣᠬᠠᠨ ᠳᠤ᠂ ᠬᠠᠶᠢᠷᠤᠪ ᠤᠨ ᠲᠤᠬᠤᠢ ᠲᠣᠭᠤᠷᠢᠭ ᠨᠢᠭᠡᠨᠲᠡ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠᠷ ᠪᠠᠶᠢᠯᠳᠤᠬᠤ ᠪᠤᠳᠤᠯᠭ᠎ᠠ ᠎ ᠶᠢᠨ ᠴᠢᠭᠯᠡᠯ ᠪᠣᠯᠭᠠᠵᠤ᠂ ᠠᠵᠤ ᠠᠬᠤᠢ ᠨᠡᠶᠢᠭᠡᠮ ᠤᠨ ᠪᠦᠬᠦ ᠲᠠᠯ᠎ᠠ ᠪᠠᠷ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠨᠢ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠦᠷᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠃ ᠮᠠᠨ ᠤ ᠬᠤᠳᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ 《 ᠦᠬᠠᠢ ᠬᠤᠳᠠ ᠶᠢᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ 》᠎ ᠢ ᠲᠤᠤᠱᠯᠠᠭᠤᠯᠬᠤ ᠪᠠᠷ ᠭᠠᠷᠳᠠᠴᠠ ᠪᠣᠯᠭᠠᠵᠤ᠂ ᠣᠷᠣᠨ ᠪᠦᠰᠡ ᠬᠤᠪᠢᠶᠠᠨ ᠠᠭᠤᠷᠬᠠᠢ ᠶᠢᠨ ᠣᠷᠣᠨ᠂ ᠬᠤᠳᠠ ᠶᠢᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠤᠯᠠᠨ ᠵᠦᠢᠯ ᠤᠨ ᠴᠡᠭᠴᠡᠯᠡᠨ ᠵᠠᠰᠠᠯᠲᠠ ᠶᠢ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠳᠠ ᠦᠬᠡᠢ ᠰᠠᠶᠢᠵᠢᠷᠠᠭᠤᠯᠬᠤ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠪᠠᠷ ᠪᠠᠶᠢᠨ᠎ᠠ᠃ 《 ᠠᠷᠪᠠᠨ ᠳᠥᠷᠪᠡᠳᠦᠭᠡᠷ ᠲᠠᠪᠤᠨ ᠵᠢᠯ 》᠎ ᠤᠨ ᠬᠤᠭᠤᠴᠠᠭᠠᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠪᠠᠶᠠᠨ ᠴᠢᠨᠡᠭᠡᠯᠢᠭ᠂ ᠠᠮᠢ ᠠᠬᠤᠢ ᠰᠠᠶᠢᠨ ᠰᠠᠶᠢᠬᠠᠨ ᠪᠣᠯᠪᠠᠰᠤᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠡᠶᠡᠯᠡᠭᠦᠯᠬᠦ ᠪᠣᠯᠤᠨ᠎ᠠ᠃      ᠠᠮᠢ ᠠᠬᠤᠢ ᠭᠤᠶᠤ ᠪᠣᠯ ᠬᠤᠳᠠ ᠭᠤᠶᠤ᠂ ᠬᠤᠳᠠ ᠭᠤᠶᠤ ᠪᠣᠯ ᠴᠢᠳᠠᠪᠤᠷᠢᠲᠠᠨ ᠴᠤᠭᠯᠠᠷᠠᠵᠤ᠂ ᠠᠵᠤ ᠦᠢᠯᠡᠰ ᠬᠥᠭᠵᠢᠨ ᠮᠠᠨᠳᠤᠨ᠎ᠠ᠃ ᠢᠷᠡᠬᠦ ᠲᠠᠪᠤᠨ ᠵᠢᠯ ᠳᠤ᠂ ᠬᠠᠶᠢᠷᠤᠪ ᠤᠨ ᠲᠤᠬᠤᠢ ᠲᠣᠭᠤᠷᠢᠭ ᠴᠢᠳᠠᠪᠤᠷᠢᠲᠠᠨ ᠢ ᠶᠡᠬᠡᠪᠡᠷ ᠳᠠᠳᠠᠨ ᠠᠪᠴᠢᠷᠠᠵᠤ᠂ ᠴᠢᠳᠠᠪᠤᠷᠢᠲᠠᠨ ᠢ ᠦᠯᠡᠳᠡᠭᠡᠵᠦ᠂ ᠦᠷᠭᠦᠯᠵᠢᠯᠡᠬᠦ ᠬᠥᠭᠵᠢᠯᠲᠡ ᠶᠢᠨ ᠬᠦᠷᠦᠩᠬᠡ ᠶᠢ ᠪᠦᠬᠦ ᠬᠦᠴᠦ ᠪᠠᠷ ᠢᠶᠠᠨ ᠬᠠᠮᠠᠭᠠᠯᠠᠵᠤ᠂ ᠦᠬᠠᠢ ᠶᠢᠨ ᠡᠨᠡᠬᠦ ᠬᠠᠳᠤᠨ ᠭᠤᠣᠯ ᠤᠨ ᠬᠡᠷᠡᠯᠳᠤ ᠰᠤᠪᠤᠳ ᠢ ᠡᠭᠦᠷᠢᠳᠡ ᠬᠡᠷᠡᠯᠳᠦᠬᠦᠯᠬᠦ ᠪᠣᠯᠤᠨ᠎ᠠ᠃      ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠠᠬᠢᠭᠤᠯᠤᠨ᠎ᠠ᠃      ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠪᠣᠯ ᠠᠮᠢ ᠨᠠᠰᠤᠨ ᠤ ᠬᠠᠮᠲᠤ ᠶᠢᠨ ᠴᠣᠭᠴᠠ ᠮᠥᠨ᠂ ᠬᠥᠮᠦᠨ ᠤ ᠠᠮᠢᠨ ᠰᠤᠳᠠᠰᠤ ᠲᠠᠷᠢᠶᠠᠨ ᠳᠤ ᠪᠤᠢ᠂ ᠲᠠᠷᠢᠶᠠᠨ ᠤ ᠠᠮᠢᠨ ᠰᠤᠳᠠᠰᠤ ᠤᠰᠤᠨ ᠳᠤ ᠪᠤᠢ᠂ ᠤᠰᠤᠨ ᠤ ᠠᠮᠢᠨ ᠰᠤᠳᠠᠰᠤ ᠠᠭᠤᠯᠠᠨ ᠳᠤ ᠪᠤᠢ᠂ ᠠᠭᠤᠯᠠᠨ ᠤ ᠠᠮᠢᠨ ᠰᠤᠳᠠᠰᠤ ᠰᠢᠷᠣᠢ ᠳᠤ ᠪᠤᠢ᠂ ᠰᠢᠷᠣᠢ ᠶᠢᠨ ᠠᠮᠢᠨ ᠰᠤᠳᠠᠰᠤ ᠤᠢ ᠰᠢᠭᠤᠢ ᠪᠣᠯᠤᠨ ᠡᠪᠡᠰᠦᠨ ᠳᠤ ᠪᠤᠢ᠃ ᠢᠷᠡᠭᠡᠳᠦᠢ ᠎ ᠶᠢᠨ ᠲᠠᠪᠤᠨ ᠵᠢᠯ ᠳᠤ᠂ ᠬᠠᠶᠢᠷᠤᠪ ᠤᠨ ᠲᠤᠬᠤᠢ ᠲᠣᠭᠤᠷᠢᠭ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠶᠢ ᠢᠳᠡᠪᠬᠢᠲᠡᠢ ᠠᠬᠢᠭᠤᠯᠵᠤ᠂ ᠠᠵᠤ ᠦᠢᠯᠡᠳᠪᠦᠷᠢ ᠶᠢᠨ ᠪᠣᠬᠢᠷᠲᠤᠯ ᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠣᠨᠴᠠᠭᠠᠢ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠬᠡᠪᠴᠢᠶ᠎ᠡ ᠶᠢ ᠥᠷᠭᠡᠳᠬᠡᠵᠦ᠂ ᠬᠦᠨᠳᠦ ᠪᠣᠬᠢᠷᠲᠤᠯ ᠲᠠᠢ ᠴᠠᠭ ᠠᠭᠤᠷ ᠢ ᠦᠨᠳᠦᠰᠦᠨ ᠳᠡᠭᠡᠨ ᠠᠷᠢᠯᠭᠠᠨ᠎ᠠ᠃     ᠬᠠᠶᠢᠷᠤᠪ ᠤᠨ ᠲᠣᠬᠤᠶ ᠲᠣᠭᠤᠷᠢᠭ ᠨᠢ ᠬᠠᠲᠤᠨ ᠭᠤᠣᠯ ᠤᠨ ᠬᠠᠶᠢᠷᠤᠪ ᠤᠨ ᠲᠣᠬᠤᠶ ᠶᠢᠨ ᠬᠡᠰᠡᠭ ᠤᠨ ᠠᠮᠢ ᠠᠬᠤᠶ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠭᠠᠵᠠᠷ ᠳᠣᠣᠷᠠᠬᠢ ᠤᠰᠤᠨ ᠤ ᠣᠷᠴᠢᠨ ᠲᠣᠭᠤᠷᠢᠨ ᠢ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ 《 ᠭᠤᠣᠯ ᠤᠨ ᠳᠠᠷᠤᠭ᠎ᠠ ᠶᠢᠨ ᠳᠦᠷᠢᠮ 》᠎ ᠢ ᠴᠢᠩᠭ᠎ᠠ ᠨᠠᠶᠢᠳᠠᠪᠤᠷᠢᠵᠢᠭᠤᠯᠤᠨ᠂ ᠤᠰᠤᠨ ᠤ ᠠᠮᠢ ᠠᠬᠤᠶ ᠶᠢᠨ ᠣᠷᠣᠨ ᠵᠠᠶ ᠶᠢ ᠬᠠᠮᠢᠶᠠᠷᠤᠨ ᠡᠵᠡᠮᠳᠡᠬᠦ ᠶᠢ ᠴᠢᠩᠳᠠᠯᠠᠨ᠎ᠠ᠃ ᠡᠭᠦᠨ ᠤ ᠬᠠᠮᠲᠤ᠂ ᠭᠤᠤᠯ ᠮᠥᠷᠡᠨ ᠨᠠᠭᠤᠷ ᠴᠥᠭᠦᠷᠥᠮ ᠤᠨ 《 ᠳᠥᠷᠪᠡᠨ ᠰᠠᠮᠠᠭᠤᠨ ᠢ ᠴᠡᠪᠡᠷᠯᠡᠬᠦ 》᠎ ᠶᠢ ᠭᠦᠨᠵᠡᠭᠡᠶ ᠥᠷᠨᠢᠭᠦᠯᠵᠦ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠬᠤ᠂ ᠬᠠᠲᠤᠨ ᠭᠤᠤᠯ ᠤᠨ ᠤᠰᠤ ᠶᠢ ᠲᠣᠭᠲᠠᠭᠠᠯ ᠠᠴᠠ ᠵᠥᠷᠢᠴᠡᠨ ᠠᠪᠴᠤ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠬᠤᠲᠠ ᠶᠢᠨ ᠪᠣᠬᠢᠷ ᠤᠰᠤ᠂ ᠬᠤᠭ ᠨᠣᠪᠰᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠰᠢᠶᠳᠪᠦᠷᠢᠯᠡᠵᠦ᠂ ᠤᠰᠤᠨ ᠤ ᠠᠮᠢ ᠠᠬᠤᠶ᠂ ᠤᠰᠤᠨ ᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ      ᠬᠠᠶᠢᠷᠤᠪ ᠤᠨ ᠲᠣᠬᠤᠶ ᠲᠣᠭᠤᠷᠢᠭ 《 ᠬᠠᠶᠠᠭᠳᠠᠮᠠᠯ ᠪᠣᠳᠠᠰ ᠥᠬᠡᠶ ᠬᠤᠲᠠ 》᠎ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠠᠮᠢ ᠠᠬᠤᠶ ᠶᠢᠨ ᠲᠠᠷᠢᠶᠠᠯᠠᠩ ᠢ ᠢᠳᠡᠪᠬᠢᠲᠡᠶ ᠪᠠᠷ ᠬᠥᠭᠵᠢᠭᠦᠯᠵᠦ᠂ ᠬᠢᠮᠢ ᠶᠢᠨ ᠪᠣᠷᠳᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠶᠢ ᠲᠦᠯᠬᠢᠨ ᠠᠬᠢᠭᠤᠯᠵᠤ᠂ ᠲᠤᠬᠠᠶ ᠶᠢᠨ ᠭᠠᠵᠠᠷ ᠣᠷᠣᠨ ᠎ ᠤ ᠪᠠᠶᠢᠳᠠᠯ ᠳᠤᠨᠢ ᠲᠣᠬᠢᠷᠠᠭᠤᠯᠤᠨ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠪᠣᠯᠤᠨ ᠬᠤᠭ ᠨᠣᠪᠰᠢ ᠶᠢ ᠰᠢᠶᠳᠪᠦᠷᠢᠯᠡᠬᠦ ᠶᠢ ᠲᠦᠯᠬᠢᠨ ᠠᠬᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ ᠵᠢᠱᠢᠶ᠎ᠡ ᠦᠵᠡᠭᠦᠯᠬᠦ  ᠲᠣᠭᠤᠷᠢᠭ ᠢ ᠪᠠᠶᠢᠭᠤᠯᠬᠤ ᠪᠠᠷ ᠴᠢᠷᠮᠠᠶᠢᠨ᠎ᠠ᠃      ᠬᠠᠶᠢᠷᠤᠪ ᠤᠨ ᠲᠤᠬᠤᠢ ᠲᠣᠭᠤᠷᠢᠭ ᠪᠠᠰᠠ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠪᠤᠰᠤ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠰᠠᠭᠤᠳᠠᠯ ᠢ ᠳ᠋ᠤᠭᠠᠷᠯᠠᠨ ᠳ᠋ᠦᠩᠨᠡᠨ ᠪᠤᠳᠤᠬᠤ ᠲᠣᠭᠲᠠᠴᠠ ᠶᠢ ᠪᠠᠶᠢᠭᠤᠯᠵᠤ᠂ ᠲᠥᠷᠥᠯ ᠵᠦᠶᠯᠵᠢᠭᠦᠯᠦᠨ ᠬᠠᠮᠢᠶᠠᠷᠬᠤ ᠶᠢ ᠬᠡᠷᠡᠭᠵᠢᠭᠦᠯᠦᠨ᠂ ᠨᠤᠲᠤᠭ ᠪᠡᠯᠴᠢᠭᠡᠷ᠂ ᠭᠤᠤᠯ ᠮᠥᠷᠡᠨ᠂ ᠨᠤᠭᠤ ᠭᠠᠵᠠᠷ᠂ ᠡᠯᠡᠰᠦᠷᠬᠡᠭ ᠭᠠᠵᠠᠷ ᠢ ᠨᠢᠭᠡ ᠴᠣᠭᠴᠠᠵᠢᠭᠤᠯᠤᠭᠰᠠᠨ ᠪᠥᠬᠦ ᠣᠷᠣᠨ ᠪᠦᠰᠡ ᠶᠢᠨ ᠠᠮᠢ ᠠᠬᠤᠶ ᠶᠢᠨ ᠠᠮᠤᠷ ᠲᠦᠪᠰᠢᠨ ᠤ ᠪᠠᠶᠢᠷᠢᠰᠢᠯ ᠢ ᠬᠦᠴᠦᠯᠡᠨ ᠪᠠᠶᠢᠭᠤᠯᠵᠤ᠂ ᠪᠣᠬᠢᠷᠲᠤᠯ ᠥᠬᠡᠶ ᠬᠥᠭᠵᠢᠯᠲᠡ ᠶᠢᠨ ᠳᠠᠪᠠᠭᠤᠯᠢᠭ ᠢ ᠬᠠᠮᠤᠭ ᠎ ᠤᠨ ᠶᠡᠭᠡ ᠬᠡᠮᠵᠢᠶ᠎ᠡ ᠪᠠᠷ ᠪᠣᠶᠢᠵᠢᠭᠤᠯᠤᠨ᠎ᠠ᠃       ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠡᠷᠡᠰ ᠪᠡᠶᠡᠯᠡᠭᠦᠯᠦᠨ᠎ᠡ᠃      ᠠᠭᠤᠷᠬᠠᠢ ᠶᠢᠨ ᠣᠷᠣᠨ ᠤ ᠠᠮᠢ ᠠᠬᠤᠢ ᠶᠢᠨ ᠡᠪᠳᠡᠭᠳᠡᠯ ᠪᠠ ᠣᠷᠴᠢᠨ ᠲᠣᠭᠤᠷᠢᠨ ᠤ ᠪᠣᠬᠢᠷᠲᠤᠯ ᠪᠣᠯ ᠬᠠᠶᠢᠷᠤᠪ ᠤᠨ ᠲᠤᠬᠤᠢ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠭᠤᠣᠯ ᠬᠦᠴᠢᠷᠳᠡᠯ ᠪᠣᠯᠤᠨ᠎ᠠ᠃ ᠢᠷᠡᠭᠡᠳᠦᠢ ᠶᠢᠨ ᠲᠠᠪᠤᠨ ᠵᠢᠯ ᠳᠤ᠂ ᠬᠠᠶᠢᠷᠤᠪ ᠤᠨ ᠲᠤᠬᠤᠢ ᠲᠣᠭᠤᠷᠢᠭ ᠠᠭᠤᠷᠬᠠᠢ ᠎ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠰᠢᠰᠲᠧᠮ ᠤᠨ ᠵᠠᠰᠠᠯᠲᠠ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠎ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ ᠶᠢ ᠪᠠᠷᠢᠮᠲᠠᠯᠠᠵᠤ᠂ ᠶᠡᠭᠡ ᠨᠡᠭᠡᠭᠡᠨ ᠬᠥᠭᠵᠢᠭᠦᠯᠦᠯᠲᠡ ᠬᠢᠬᠦ ᠦᠭᠡᠢ ᠪᠠᠶᠢᠵᠤ ᠂ ᠠᠮᠢ ᠠᠬᠤᠢ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ  ᠎ ᠢ ᠰᠢᠰᠲᠧᠮ ᠲᠠᠢ ᠪᠠᠶᠢᠭᠤᠯᠵᠤ᠂ ᠠᠭᠤᠷᠬᠠᠢ ᠶᠢᠨ ᠣᠷᠣᠨ ᠤ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠳᠤᠲᠠᠭᠤᠳᠠᠯ ᠪᠠᠭᠤᠷᠠᠢ ᠲᠠᠯ᠎ᠠ ᠶᠢ ᠪᠦᠬᠦ ᠲᠠᠯ᠎ᠠ ᠪᠠᠷ ᠨᠥᠬᠦᠪᠥᠷᠢᠯᠡᠬᠦ ᠪᠣᠯᠤᠨ᠎ᠠ᠃      ᠬᠠᠶᠢᠷᠤᠪ ᠤᠨ ᠲᠤᠬᠤᠢ ᠲᠣᠭᠤᠷᠢᠭ ᠠᠭᠤᠷᠬᠠᠢ ᠶᠢᠨ ᠣᠷᠣᠨ ᠢ ᠴᠡᠭᠴᠡᠯᠡᠨ ᠵᠠᠰᠠᠬᠤ ᠪᠠᠷ ᠭᠤᠣᠯ ᠲᠠᠶᠢᠨ ᠤ ᠲᠠᠯᠠᠪᠤᠷ ᠪᠣᠯᠭᠠᠵᠤ᠂ 《 ᠤᠷᠢᠳ ᠢᠶᠠᠷ ᠵᠠᠰᠠᠵᠤ ᠲᠠᠬᠢᠨ ᠦᠢᠯᠡᠳᠪᠦᠷᠢᠯᠡᠬᠦ 》 ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠶᠡᠷᠦᠩᠬᠡᠶᠢᠯᠡᠨ ᠴᠡᠭᠴᠡᠯᠡᠨ ᠵᠠᠰᠠᠬᠤ ᠱᠠᠭᠠᠷᠳᠠᠯᠭ᠎ᠠ ᠳᠤ ᠬᠦᠷᠬᠦ ᠦᠭᠡᠢ᠂ ᠲᠣᠭᠤᠰᠣ ᠳᠡᠭᠳᠡᠬᠦ ᠶᠢ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠳᠡᠶᠢᠯᠬᠦ ᠦᠭᠡᠢ ᠠᠵᠤ ᠠᠬᠤᠶᠢᠯᠠᠯ ᠢ ᠪᠦᠬᠦᠨ ᠢ ᠦᠢᠯᠡᠳᠪᠦᠷᠢᠯᠡᠯ ᠢ ᠨᠢ ᠵᠣᠭᠰᠣᠭᠠᠵᠤ ᠵᠠᠰᠠᠨ᠎ᠠ᠃ ᠠᠭᠤᠷᠬᠠᠶ ᠶᠢᠨ ᠣᠷᠣᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠢ ᠴᠢᠩᠭᠠᠷᠠᠭᠤᠯᠵᠤ᠂ ᠠᠭᠤᠷᠬᠠᠶ ᠶᠢᠨ ᠠᠵᠤ ᠠᠬᠤᠶᠢᠯᠠᠯ ᠤᠨ ᠠᠮᠢ ᠠᠬᠤᠶ ᠶᠢᠨ ᠣᠷᠴᠢᠨ ᠲᠣᠭᠤᠷᠢᠨ ᠎ ᠢ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠭᠦᠶᠴᠡᠳᠬᠡᠨ᠂ ᠠᠵᠤ ᠠᠬᠤᠶᠢᠯᠠᠯ ᠤᠨ ᠦᠨᠡᠨᠬᠦ ᠰᠠᠶᠢᠵᠢᠷᠠᠭᠤᠯᠵᠤ ᠦᠨᠡᠨᠬᠦ ᠵᠠᠰᠠᠬᠤ ᠶᠢ ᠠᠬᠢᠭᠤᠯᠤᠨ᠎ᠠ᠃ ᠣᠳᠣ ᠪᠠᠶᠢᠭ᠎ᠠ ᠠᠭᠤᠷᠬᠠᠢ ᠪᠠ ᠲᠡᠦᠬᠡᠨ ᠠᠴᠠ ᠦᠯᠡᠳᠡᠭᠳᠡᠵᠦ ᠢᠷᠡᠭᠰᠡᠨ ᠡᠵᠡᠨ ᠦᠭᠡᠢ ᠠᠭᠤᠷᠬᠠᠢ ᠶᠢᠨ ᠴᠡᠭᠴᠡᠯᠡᠨ ᠵᠠᠰᠠᠯᠲᠠ ᠶᠢ ᠨᠢᠭᠡᠳᠦᠯᠲᠡᠢ ᠳᠤ ᠲᠥᠯᠥᠪᠯᠡᠨ ᠠᠬᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃     《 ᠠᠷᠪᠠᠨ ᠳᠥᠷᠪᠡᠳᠦᠭᠡᠷ ᠲᠠᠪᠤᠨ ᠵᠢᠯ 》᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠠᠶᠢᠷᠤᠪ ᠎ ᠤᠨ ᠲᠣᠬᠤᠶ ᠲᠣᠭᠤᠷᠢᠭ ᠠᠭᠤᠷᠬᠠᠶ ᠶᠢ ᠵᠠᠰᠠᠬᠤ᠂ ᠠᠵᠤ ᠠᠬᠤᠶᠢᠯᠠᠯ ᠢ ᠵᠠᠰᠠᠬᠤ᠂ ᠤᠰᠤ ᠶᠢ ᠵᠠᠰᠠᠬᠤ᠂ ᠲᠡᠷᠭᠡ ᠶᠢ ᠵᠠᠰᠠᠬᠤ᠂ ᠵᠠᠮ ᠢ ᠵᠠᠰᠠᠬᠤ᠂ ᠠᠭᠠᠷ ᠢ ᠵᠠᠰᠠᠬᠤ᠂ ᠲᠠᠯᠠᠪᠤᠷ ᠢ ᠵᠠᠰᠠᠬᠤ 《 ᠬᠠᠮ ᠨᠢᠳᠤᠷᠭ᠎ᠠ 》᠎ ᠶᠢ ᠰᠠᠶᠢᠲᠤᠷ ᠬᠢᠵᠦ᠂ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ 《 ᠬᠥᠬᠡ ᠥᠩᠭᠡ ᠶᠢ ᠬᠠᠮᠠᠭᠠᠯᠠᠬᠤ᠂ ᠴᠡᠩᠭᠡᠭ ᠤᠰᠤ᠂ ᠴᠡᠪᠡᠷ ᠬᠥᠷᠥᠰᠥ᠂ ᠦᠨᠳᠦᠰᠦ ᠶᠢ ᠵᠠᠰᠠᠬᠤ 》 ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号