ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠎ ᠪᠠᠷ ᠬᠠᠶᠢᠷᠤᠪ ᠤᠨ ᠲᠤᠬᠤᠢ  ᠲᠤᠭᠤᠷᠢᠭ ᠲᠠᠰᠤᠷᠠᠯᠲᠠ ᠦᠭᠡᠢ ᠴᠢᠷᠮᠠᠶᠢᠵᠤ ᠪᠠᠶᠢᠨ᠎ᠠ
ᠨᠡᠶᠢᠲᠡᠯᠡᠭᠰᠡᠨ ᠴᠠᠭ᠄
2021/8/9
  ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠪᠣᠬᠢᠷᠲᠤᠯ ᠎ ᠢ ᠰᠡᠷᠭᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ 《 ᠭᠤᠤᠯ ᠤᠨ ᠳᠠᠷᠤᠭ᠎ᠠ ᠶᠢᠨ ᠲᠦᠷᠢᠮ 》᠎ ᠤᠨ ᠠᠵᠢᠯ ᠎ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠶᠢᠷᠤᠪ ᠤᠨ ᠲᠣᠬᠤᠶ ᠲᠣᠭᠤᠷᠢᠭ ᠭᠠᠵᠠᠷ ᠳᠣᠤᠷᠠᠬᠢ ᠤᠰᠤ ᠶᠢ ᠰᠠᠶᠢᠲᠤᠷ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭ᠎ᠠ ᠰᠠᠶᠢᠲᠤᠷ ᠬᠢᠪᠠ᠃
     ᠡᠨᠡ ᠵᠢᠯ ᠠᠴᠠ ᠨᠠᠭᠠᠰᠢ᠂ ᠬᠠᠶᠢᠷᠤᠪ ᠤᠨ ᠲᠤᠬᠤᠢ ᠲᠣᠭᠤᠷᠢᠭ ᠤᠨ ᠣᠷᠣᠨ ᠤ ᠲᠡᠰ ᠤᠨ ᠶᠡᠷᠦᠩᠬᠡᠢ ᠭᠤᠣᠯ ᠮᠥᠷᠡᠨ ᠤ ᠳᠠᠷᠤᠭ᠎ᠠ᠂ ᠳᠡᠳ᠋ ᠭᠤᠣᠯ ᠮᠥᠷᠡᠨ ᠤ ᠳᠠᠷᠤᠭ᠎ᠠ ᠲᠦᠷᠦᠭᠦᠯᠡᠨ ᠭᠤᠣᠯ ᠮᠥᠷᠡᠨ ᠢ ᠲᠣᠭᠤᠷᠢᠨ ᠴᠠᠭᠳᠠᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠤᠷᠢᠳ ᠬᠤᠵᠢᠳ ᠲᠤᠬᠠᠢ ᠶᠢᠨ ᠭᠠᠵᠠᠷ ᠢᠶᠠᠷ ᠲᠣᠭᠤᠷᠢᠨ ᠪᠠᠶᠢᠴᠠᠭᠠᠵᠤ᠂ 40 ᠭᠠᠷᠤᠢ ᠤᠳᠠᠭ᠎ᠠ ᠱᠠᠯᠠᠪᠳᠠᠭᠤᠯᠤᠨ ᠰᠢᠢᠳᠪᠦᠷᠢᠯᠡᠭᠦᠯᠵᠦ᠂ ᠭᠤᠣᠯ ᠮᠥᠷᠡᠨ ᠤ ᠳᠠᠷᠤᠭ᠎ᠠ ᠶᠢᠨ ᠵᠠᠷᠯᠠᠯ ᠤᠨ ᠫᠠᠶᠢᠰᠠ᠂ ᠤᠬᠠᠭᠤᠯᠭ᠎ᠠ ᠶᠢᠨ ᠫᠠᠶᠢᠰᠠ᠂ ᠰᠡᠷᠡᠮᠵᠢ ᠶᠢᠨ ᠫᠠᠶᠢᠰᠠ ᠶᠢ 183 ᠬᠡᠰᠡᠭ ᠵᠣᠬᠢᠶᠠᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃《ᠳᠥᠷᠪᠡᠨ ᠰᠠᠮᠠᠭᠤᠨ ᠢ ᠠᠷᠢᠯᠭᠠᠬᠤ 》ᠲᠤᠰᠬᠠᠢ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠠᠳᠤᠨ ᠭᠤᠣᠯ  ᠎ ᠤᠨ ᠵᠠᠮ᠂ ᠡᠷᠭᠢ ᠳᠠᠭᠠᠤ ᠶᠢᠨ 60 ᠭᠠᠷᠤᠢ ᠲᠣᠨ ᠬᠤᠭ ᠨᠣᠪᠰᠢ ᠶᠢ ᠴᠡᠪᠡᠷᠯᠡᠪᠡ︔ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠢ《 ᠪᠠᠶᠢᠴᠠᠭᠠᠬᠤ᠂ ᠬᠡᠮᠵᠢᠬᠦ᠂ ᠮᠥᠷᠳᠡᠬᠦ᠂ ᠵᠠᠰᠠᠬᠤ 》᠎ ᠶᠢ ᠥᠷᠨᠢᠭᠦᠯᠵᠦ᠂ ᠪᠣᠷᠣᠭᠠᠨ ᠦᠶᠡᠷ ᠤᠨ ᠠᠮᠠᠰᠠᠷ ᠢ ᠪᠠᠭᠲᠠᠭᠠᠭᠰᠠᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢ ᠠᠬᠢᠭᠤᠯᠵᠤ᠂ ᠣᠳᠣᠬᠠᠨ ᠳᠤ ᠨᠢᠭᠡᠨᠲᠡ ᠪᠦᠬᠦᠨ ᠢ ᠪᠡᠶᠡᠯᠡᠭᠦᠯᠪᠡ᠃ᠪᠣᠬᠢᠷ ᠤᠰᠤ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠴᠢᠩᠭ᠎ᠠ ᠨᠠᠢᠳᠠᠪᠤᠷᠢᠵᠢᠭᠤᠯᠬᠤ᠂ ᠬᠤᠲᠠ ᠪᠠᠯᠭᠠᠰᠤ ᠶᠢᠨ ᠪᠣᠬᠢᠷ ᠤᠰᠤᠨ ᠤ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠨ ᠵᠠᠰᠠᠬᠤ ᠡᠷᠴᠢᠮ ᠢ ᠴᠢᠩᠭᠠᠷᠠᠭᠤᠯᠤᠨ᠂ ᠬᠤᠲᠠ ᠶᠢᠨ ᠤᠰᠤ ᠭᠠᠳᠠᠭᠰᠢᠯᠠᠭᠤᠯᠬᠤ ᠰᠢᠰᠲ᠋ᠧᠮ ᠤᠨ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠨ ᠤᠷᠤᠰᠬᠠᠬᠤ ᠥᠭᠡᠷᠡᠴᠢᠯᠡᠯᠲᠡ ᠶᠢ ᠲᠤᠬᠠᠢ ᠶᠢᠨ ᠭᠠᠵᠠᠷ ᠲᠤᠨᠢ ᠲᠤᠬᠢᠷᠠᠭᠤᠯᠤᠨ ᠠᠬᠢᠭᠤᠯᠤᠨ᠎ᠠ᠃      ᠣᠶᠢᠯᠠᠭᠠᠭᠰᠠᠨ ᠢᠶᠠᠷ᠂ ᠬᠠᠶᠢᠷᠤᠪ ᠤᠨ ᠲᠣᠬᠤᠶ ᠲᠣᠭᠤᠷᠢᠭ ᠨᠢ ᠪᠣᠬᠢᠷ ᠤᠰᠤ ᠶᠢ ᠵᠠᠰᠠᠬᠤ ᠠᠵᠢᠯ ᠢ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠢᠵᠢ ᠪᠥᠷᠢᠳᠦᠭᠦᠯᠬᠦ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠢᠨ ᠲᠥᠯᠥᠭᠡ᠂ ᠣᠲᠣ ᠨᠢᠭᠡᠨᠲᠡ ᠬᠠᠶᠢᠷᠤᠪ ᠤᠨ ᠲᠣᠬᠤᠶ ᠶᠢᠨ ᠠᠵᠤ ᠦᠶᠯᠡᠳᠪᠦᠷᠢ ᠶᠢᠨ ᠬᠦᠷᠢᠶᠡᠯᠡᠩ ᠤᠨ 2 ᠲᠦᠮᠡᠨ ᠲᠣᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠥᠭᠡᠷᠡᠴᠢᠯᠡᠯᠲᠡ ᠪᠠ ᠪᠣᠬᠢᠷ ᠤᠰᠤᠨ ᠤ ᠳᠠᠷᠤᠯᠲᠠ ᠨᠡᠮᠡᠭᠳᠡᠭᠦᠯᠬᠦ ᠬᠥᠭᠡᠷᠭᠡ ᠶᠢᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠪᠣᠬᠢᠷ ᠤᠰᠤ ᠬᠤᠷᠢᠶᠠᠪᠠᠰᠤ ᠵᠣᠬᠢᠬᠤ ᠪᠦᠬᠦᠨ ᠢ ᠬᠤᠷᠢᠶᠠᠬᠤ ᠴᠢᠳᠠᠪᠤᠷᠢ ᠶᠢ ᠳᠡᠭᠡᠭᠰᠢᠯᠡᠭᠦᠯᠪᠡ᠃ ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠡᠯᠲᠡᠰ ᠤᠨ ᠳᠠᠷᠤᠭ᠎ᠠ ᠮᠠ ᠵᠢᠶᠠᠨ᠄ 《 ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ ᠵᠢᠯ ᠳᠠᠷᠠᠭᠠᠯᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ 2021 ᠣᠨ ᠳᠤ 1240 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠤᠶᠠᠷ ᠲᠦᠮᠡᠨ ᠲᠣᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠᠶᠢᠭᠤᠯᠵᠤ᠂ ᠬᠤᠶᠠᠳᠤᠭᠠᠷ ᠬᠤᠭᠤᠴᠠᠭᠠᠨ ᠤ ᠥᠭᠡᠷᠡᠴᠢᠯᠡᠯᠲᠡ ᠵᠢᠴᠢ ᠳᠤᠮᠳᠠ ᠤᠰᠤ᠂ ᠪᠣᠬᠢᠷ ᠤᠰᠤᠨ ᠤ ᠬᠤᠭᠤᠯᠠᠢ ᠶᠢᠨ ᠲᠣᠣᠷ ᠠᠷᠪᠠᠨ ᠺᠢᠯᠤᠮᠧᠳ᠋ᠷ ᠲᠤ ᠬᠦᠷᠴᠡᠢ᠂ ᠲᠤᠰ ᠲᠦᠷᠦᠯ ᠵᠦᠢᠯ ᠨᠢ ᠭᠤᠣᠯᠳᠠᠭᠤ ᠪᠡᠭᠡᠵᠢᠩ ᠎ ᠠᠴᠠ ᠲᠡᠭᠡᠭᠡᠪᠦᠷᠢᠯᠡᠨ ᠨᠡᠪᠲᠡᠷᠡᠬᠦ ᠵᠢᠴᠢ ᠡᠷᠬᠢᠨ ᠲᠣᠭᠤᠷᠢᠨ ᠤ ᠪᠣᠬᠢᠷ ᠤᠰᠤ ᠪᠣᠯᠤᠨ ᠳᠤᠮᠳᠠ ᠤᠰᠤ ᠶᠢ ᠭᠠᠳᠠᠭᠰᠢᠯᠠᠭᠤᠯᠬᠤ ᠪᠠ ᠬᠤᠷᠢᠶᠠᠨ ᠠᠪᠴᠤ ᠠᠰᠢᠭᠯᠠᠬᠤ ᠠᠰᠠᠭᠤᠳᠠᠯ ᠢ ᠰᠢᠢᠳᠪᠦᠷᠢᠯᠡᠪᠡ᠃      ᠤᠰᠤ ᠪᠣᠯ ᠠᠮᠢ ᠨᠠᠰᠤᠨ ᠤ ᠡᠬᠢ ᠰᠤᠷᠪᠤᠯᠵᠢ ᠮᠥᠨ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠯ ᠨᠡᠩ ᠴᠤ ᠠᠮᠢ ᠠᠬᠤᠢ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠶᠢᠨ ᠵᠠᠩᠭᠢᠯᠠᠭ᠎ᠠ ᠮᠥᠨ᠃ ᠬᠠᠶᠢᠷᠤᠪ ᠎ ᠤᠨ ᠲᠤᠬᠤᠢ ᠲᠣᠭᠤᠷᠢᠭ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠡᠷᠡᠰ ᠬᠠᠮᠠᠭᠠᠯᠠᠵᠤ᠂ ᠬᠠᠳᠤᠨ ᠭᠤᠣᠯ ᠤᠨ ᠡᠷᠭᠢ ᠳᠠᠭᠠᠤ ᠶᠢᠨ ᠲᠣᠭᠤᠷᠢᠨ ᠪᠠᠶᠢᠴᠠᠭᠠᠯᠲᠠ ᠪᠠ ᠡᠷᠭᠢ ᠳᠠᠭᠠᠤ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠠᠷᠢᠶ᠎ᠠ ᠣᠷᠣᠨ ᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠰᠡᠷᠭᠦᠭᠡᠯᠲᠡ ᠶᠢ ᠠᠬᠢᠭᠤᠯᠤᠨ᠎ᠠ᠃ ᠡᠭᠦᠨ ᠤ ᠬᠠᠮᠲᠤ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠠᠪᠬᠤ ᠶᠢ ᠴᠢᠩᠭ᠎ᠠ ᠬᠢᠵᠠᠭᠠᠷᠯᠠᠵᠤ᠂ ᠳᠤᠮᠳᠠᠬᠢ ᠤᠰᠤ᠂ ᠨᠡᠭᠦᠷᠡᠰᠦᠨ ᠳᠠᠪᠬᠤᠷᠭ᠎ᠠ ᠶᠢᠨ ᠤᠰᠤ ᠵᠡᠷᠭᠡ ᠤᠯᠠᠮᠵᠢᠯᠠᠯᠲᠤ ᠪᠤᠰᠤ ᠤᠰᠤᠨ ᠤ ᠡᠬᠢ ᠪᠠᠶᠠᠯᠢᠭ ᠢ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠬᠤ᠂ ᠡᠷᠴᠢᠮᠵᠢᠭᠦᠯᠦᠨ ᠠᠰᠢᠭᠯᠠᠬᠤ ᠶᠢ ᠳᠥᠯᠭᠢᠨ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号