ᠲᠠᠩ ᠢ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠦᠢᠯᠡᠰ ᠤᠨ ᠬᠥᠭᠵᠢᠯᠲᠡ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/8/9
     8 ᠰᠠᠷ᠎ᠠ ᠶᠢᠨ 6᠎ ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠷᠤᠪ ᠤᠨ ᠲᠤᠬᠤᠢ ᠲᠣᠭᠤᠷᠢᠭ ᠲᠤ ᠭᠦᠨᠵᠡᠭᠡᠶᠢᠷᠡᠨ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠵᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ᠂ ᠬᠤᠲᠠ ᠶᠢᠨ ᠤᠳᠤᠷᠢᠳᠤᠯᠭ᠎ᠠ ᠰᠦᠨ ᠬᠤᠤ᠂ ᠮᠧᠩ ᠫᠸᠢ ᠶᠦᠨ᠂ ᠴᠢᠶᠣᠤ ᠢᠦᠶ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃ ᠬᠤᠳᠠ ᠶᠢᠨ ᠤᠷᠠᠨ ᠪᠢᠴᠢᠯᠭᠡ ᠤᠷᠠᠨ ᠵᠢᠷᠤᠭ ᠤᠨ ᠵᠠᠬ᠎ᠠ ᠳᠡᠯᠭᠡᠭᠦᠷ ᠲᠤ᠂ ᠪᠸᠢ ᠯᠠᠨ ᠲᠢᠩ ᠤᠨ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ᠂ ᠴᠢ ᠱᠢ ᠵᠡᠭᠡᠯᠢ ᠳᠤ᠂ ᠲᠠᠩ ᠢ ᠤᠷᠠᠨ ᠪᠢᠴᠢᠯᠭᠡ ᠪᠣᠯᠤᠨ ᠰᠣᠨᠢᠷᠬᠠᠯ ᠤᠨ ᠴᠢᠯᠠᠭᠤᠨ ᠤ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠢ ᠨᠠᠷᠢᠨ ᠣᠶᠢᠯᠠᠭᠠᠵᠤ᠂ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ᠡᠬᠢ ᠪᠠᠶᠠᠯᠢᠭ ᠢ ᠨᠡᠶᠢᠳᠬᠡᠬᠦ ᠪᠠᠨ ᠴᠢᠩᠭᠠᠳᠬᠠᠵᠤ᠂ ᠤᠷᠠᠨ ᠪᠢᠴᠢᠯᠭᠡ ᠪᠣᠯᠤᠨ ᠰᠣᠨᠢᠷᠬᠠᠯ ᠤᠨ ᠴᠢᠯᠠᠭᠤᠨ ᠤ ᠠᠵᠤ ᠦᠢᠯᠡᠰ ᠤᠨ ᠬᠡᠪᠴᠢᠶᠡᠵᠢᠭᠰᠡᠨ ᠬᠥᠭᠵᠢᠯᠲᠡ ᠶᠢ ᠲᠦᠷᠭᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠳᠠ ᠶᠢᠨ ᠪᠡᠶ᠎ᠡ ᠲᠠᠮᠢᠷ ᠤᠨ ᠲᠥᠪ ᠲᠤ᠂ ᠲᠠᠩ ᠢ ᠡᠯ᠎ᠡ ᠲᠠᠯᠠᠪᠣᠷ ᠣᠷᠳᠣᠨ ᠤ ᠡᠵᠡᠩᠨᠡᠯᠲᠡ ᠬᠠᠮᠢᠶᠠᠷᠤᠯᠲᠠ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠤᠯᠠᠨ ᠨᠡᠶᠢᠲᠡ ᠶᠢᠨ ᠰᠣᠶᠣᠯ ᠪᠡᠶ᠎ᠡ ᠲᠠᠮᠢᠷ ᠤᠨ ᠲᠠᠯᠠᠪᠤᠷ ᠣᠷᠳᠣᠨ ᠤ ᠲᠥᠬᠦᠭᠡᠷᠦᠮᠵᠢ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠲᠠᠯᠠᠪᠤᠷ ᠣᠷᠳᠣᠨ ᠤ ᠶᠡᠷᠦᠩᠬᠡᠶᠢᠯᠡᠭᠰᠡᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠤᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠶᠢᠨ ᠬᠠᠮᠲᠤ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠷᠳᠤ ᠬᠤᠭᠤᠴᠠᠭ᠎ᠠ ᠪᠠᠷ ᠰᠠᠶᠢᠲᠤᠷ ᠠᠳᠬᠤᠵᠤ᠂ ᠬᠢᠯᠪᠡᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ ᠤᠳᠤ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠳᠤ᠂ ᠲᠠᠩ ᠢ ᠦᠬᠠᠢ ᠶᠢᠨ ᠤᠯᠠᠭᠠᠨᠮᠥ᠋ᠴᠢᠷ ᠤᠨ ᠭᠡᠰᠢᠭᠦᠳ ᠢ ᠡᠷᠬᠢᠨ ᠦᠵᠡᠵᠦ ᠲᠣᠬᠤᠨᠢᠭᠤᠯᠵᠤ᠂ ᠭᠡᠰᠢᠭᠦᠳ ᠤᠨ ᠤᠳᠬ᠎ᠠ ᠤᠷᠠᠯᠢᠭ ᠤᠨ ᠤᠬᠠᠭᠤᠯᠭ᠎ᠠ ᠶᠢᠨ ᠭᠤᠣᠯ ᠬᠦᠴᠦᠨ ᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠦᠨᠳᠦᠰᠦᠨ ᠱᠠᠲᠤᠨ ᠳᠤ ᠦᠨᠳᠦᠰᠦᠯᠡᠵᠦ᠂ ᠤᠯᠠᠨ ᠲᠦᠮᠡᠨ ᠳᠤ ᠦᠢᠯᠡᠴᠢᠯᠡᠵᠦ᠂ ᠨᠡᠩ ᠤᠯᠠᠨ ᠰᠣᠳᠣᠨ ᠲᠣᠭᠯᠠᠯᠲᠠ ᠶᠢ ᠴᠢᠷᠮᠠᠶᠢᠨ ᠵᠣᠬᠢᠶᠠᠨ ᠪᠦᠲᠦᠭᠡᠵᠦ᠂ ᠪᠦᠬᠦ ᠬᠤᠳᠠ ᠶᠢᠨ ᠠᠷᠠᠳ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢ ᠵᠣᠷᠢᠭᠵᠢᠭᠤᠯᠪᠠ᠃       ᠲᠠᠩ ᠢ ᠴᠢᠩᠭᠠᠳᠬᠠᠭᠰᠠᠨ ᠨᠢ᠂ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠭᠠᠷᠳᠠᠴᠠ ᠮᠥᠨ᠂ ᠭᠠᠵᠠᠷ ᠣᠷᠣᠨ ᠤ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠪᠦᠲᠦᠮᠵᠢᠲᠡᠢ ᠠᠷᠭ᠎ᠠ ᠵᠠᠮ ᠮᠥᠨ᠃ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠥᠪᠯᠡᠷᠡᠭᠦᠯᠦᠨ ᠬᠥᠭᠵᠢᠭᠦᠯᠬᠦ ᠲᠠᠪᠴᠠᠩ ᠢ ᠢᠳᠡᠪᠬᠢᠲᠡᠢ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠭᠢ ᠡᠵᠡᠩᠨᠡᠯᠲᠡ ᠶᠢᠨ ᠵᠠᠭᠪᠤᠷ ᠢ ᠨᠢᠭᠡᠳᠦᠯᠲᠡᠢ ᠲᠥᠯᠥᠪᠵᠢᠭᠦᠯᠵᠦ᠂ ᠰᠣᠶᠣᠯ ᠤᠨ ᠠᠵᠤ ᠦᠢᠯᠡᠰ ᠤᠨ ᠪᠦᠬᠦᠯᠢ ᠴᠣᠭᠴᠠ ᠶᠢᠨ ᠨᠥᠯᠥᠭᠡᠯᠡᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠤᠬᠠᠮᠰᠠᠷ ᠢᠶᠠᠨ ᠴᠢᠩᠭᠠᠳᠬᠠᠵᠤ᠂ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠠᠵᠢᠯ ᠢ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠭᠤᠯᠵᠤ᠂ ᠤᠨᠴᠠᠯᠢᠬᠳᠤ ᠳᠠᠪᠠᠭᠤᠯᠢᠭ ᠢᠶᠠᠨ ᠪᠠᠳᠠᠷᠠᠭᠤᠯᠵᠤ᠂ ᠠᠵᠢᠯ ᠤᠨ ᠳᠤᠲᠠᠭᠤᠳᠠᠯ ᠢᠶᠠᠨ ᠨᠥᠬᠦᠪᠥᠷᠢᠯᠡᠵᠦ᠂ ᠰᠣᠶᠣᠯ ᠢᠶᠠᠷ ᠴᠢᠳᠠᠪᠬᠢ ᠣᠯᠭᠤᠬᠤ ᠵᠢᠭᠤᠯᠴᠢᠯᠠᠯ ᠪᠡᠶ᠎ᠡ ᠲᠠᠮᠢᠷ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠴᠠᠭ ᠦᠶ᠎ᠡ ᠶᠢᠨ ᠬᠡᠷᠡᠭᠴᠡᠭᠡ ᠪᠣᠯᠤᠨ ᠤᠯᠠᠨ ᠲᠦᠮᠡᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠬᠠᠩᠭᠠᠯᠭ᠎ᠠ ᠪᠠᠨ ᠪᠠᠶᠠᠯᠢᠭᠵᠢᠭᠤᠯᠵᠤ᠂ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠤᠯᠠᠨ ᠶᠠᠩᠵᠤ᠂ ᠲᠠᠲᠠᠬᠤ ᠬᠦᠴᠦᠨ ᠢᠶᠠᠷ ᠴᠢᠩᠭ᠎ᠠ ᠭᠦᠨᠵᠡᠭᠡᠢ ᠪᠡᠶᠡᠴᠢᠯᠡᠨ ᠣᠶᠢᠯᠠᠭᠠᠬᠤ ᠲᠦᠷᠦᠯ ᠵᠦᠢᠯ ᠢ ᠴᠢᠷᠮᠠᠶᠢᠨ ᠡᠭᠦᠳᠴᠦ᠂ ᠲᠤᠰ ᠭᠠᠵᠠᠷ ᠣᠷᠣᠨ ᠤ ᠪᠠᠨ ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠥᠨᠳᠥᠷ ᠪᠦᠲᠦᠮᠵᠢᠲᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠲᠤᠮᠤ ᠠᠵᠤ ᠦᠢᠯᠡᠰ ᠤᠨ ᠰᠡᠳᠬᠢᠬᠦᠢ ᠶᠢᠨ ᠰᠢᠰᠲ᠋ᠧᠮ ᠢᠶᠠᠷ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠰᠦᠪᠡᠭᠴᠢᠯᠡᠵᠦ᠂ ᠠᠵᠤ ᠦᠢᠯᠡᠰ ᠢ ᠶᠡᠭᠡ ᠬᠡᠪᠴᠢᠶ᠎ᠡ ᠪᠠᠷ ᠳᠠᠰᠤᠷᠠᠯᠳᠠ ᠦᠬᠡᠢ ᠬᠦᠴᠦᠷᠬᠡᠭᠵᠢᠭᠦᠯᠵᠦ᠂ ᠳᠦᠷᠦᠯ ᠳᠡᠮᠳᠡᠭ ᠢ ᠡᠭᠦᠳᠴᠦ᠂ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢ ᠦᠨᠡᠨᠬᠦ ᠠᠵᠤ ᠦᠢᠯᠡᠰ ᠤᠨ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ᠂ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ ᠬᠡᠵᠡᠢ᠃
 
ᠢᠷᠡᠯᠲᠡ᠄ ᠦᠬᠠᠢ ᠶᠢᠨ ᠡᠳᠤᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号