ᠹᠧᠩ ᠬᠤᠸᠠᠩ ᠯᠢᠩ ᠵᠡᠭᠡᠯᠢ ᠭᠤᠳᠤᠮᠵᠢ ᠰᠢᠯᠭᠠᠯᠲᠠ ᠪᠠᠷ ᠰᠤᠷᠤᠯᠴᠠᠯᠭ᠎ᠠ ᠪᠠ ᠦᠶᠯᠡᠳᠦᠯᠭᠡ ᠶᠢ ᠠᠬᠢᠭᠤᠯᠪᠠ
ᠨᠡᠶᠢᠲᠡᠯᠡᠭᠰᠡᠨ ᠴᠠᠭ᠄
2021/9/10
    9 ᠰᠠᠷ᠎ᠠ ᠶᠢᠨ 7᠎ ᠤ ᠡᠳᠦᠷ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠪᠥᠬᠦ ᠪᠠᠶᠢᠭᠤᠯᠭ᠎ᠠ ᠶᠢᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠎ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠨᠣᠯ ᠤᠨ ᠰᠢᠯᠭᠠᠯᠲᠠ ᠶᠢ ᠥᠷᠨᠢᠭᠦᠯᠪᠡ᠃
   ᠰᠢᠯᠭᠠᠯᠲᠠ ᠶᠢᠨ ᠶᠠᠪᠤᠴᠠ ᠳᠤ᠂ ᠪᠥᠬᠦ ᠨᠠᠮ ᠤᠨ ᠭᠡᠰᠢᠭᠦᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ᠂ ᠨᠠᠷᠢᠨ ᠬᠢᠨᠠᠮᠠᠭᠠᠶ ᠪᠣᠳᠣᠯᠬᠢᠯᠠᠵᠤ᠂ ᠨᠠᠷᠢᠨ ᠨᠢᠮᠪᠠᠶ ᠬᠠᠷᠢᠭᠤᠯᠵᠤ᠂ ᠰᠢᠯᠭᠠᠯᠲᠠ ᠶᠢᠨ ᠲᠠᠯᠠᠪᠤᠷ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ ᠰᠠᠬᠢᠬᠤ ᠶᠢᠨ ᠬᠠᠮᠲᠤ ᠲᠣᠭᠲᠠᠭᠰᠠᠨ ᠴᠠᠭ ᠤᠨ ᠳᠣᠲᠣᠷ᠎ᠠ ᠪᠣᠶ ᠪᠥᠬᠦᠶ ᠠᠭᠤᠯᠭ᠎ᠠ ᠶᠢ ᠪᠡᠶ᠎ᠡ ᠪᠠᠨ ᠳᠠᠭᠠᠭᠠᠵᠤ ᠪᠡᠶᠡᠯᠡᠭᠦᠯᠪᠡ᠃ ᠲᠣᠰ ᠤᠳᠠᠭᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠨᠣᠯ ᠤᠨ ᠰᠢᠯᠭᠠᠯᠲᠠ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ《 ᠭᠤᠷᠪᠠᠨ ᠰᠠᠯᠵᠤ ᠴᠢᠳᠠᠬᠤ ᠥᠬᠡᠶ 》 《 ᠲᠠᠪᠤᠨ ᠬᠠᠮᠲᠤ ᠶᠢᠨ ᠲᠠᠨᠢᠯᠲᠠ 》᠎ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠎ ᠤ ᠠᠵᠢᠯ ᠢ ᠴᠢᠩᠭᠠᠳᠬᠠᠨ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ ᠪᠠᠷ ᠣᠯᠠᠨ ᠲᠦᠮᠡᠨ ᠳᠤ ᠴᠢᠨᠠᠷ ᠰᠠᠶᠢᠲᠠᠶ ᠦᠶᠯᠡᠴᠢᠯᠡᠭᠡ ᠬᠠᠩᠭᠠᠵᠤ᠂ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠲᠠᠰᠤᠷᠠᠯᠲᠠ ᠥᠬᠡᠶ ᠪᠠᠬᠢᠵᠢᠭᠦᠯᠦᠨ ᠬᠥᠭᠵᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠪᠣᠯᠭᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号