ᠬᠠᠮᠲᠤᠷᠠᠭᠰᠠᠨ ᠬᠤᠷᠠᠯ ᠨᠢ ᠰᠦᠶᠳᠬᠡᠯ ᠲᠤᠰᠢᠶᠠᠬᠤ ᠦᠶᠯᠡᠴᠢᠯᠡᠭᠡ ᠶᠢ ᠲᠣᠤᠷ ᠰᠦᠯᠵᠢᠶᠡᠨ ᠳᠤ ᠣᠷᠣᠭᠤᠯᠬᠤ ᠶᠢ ᠬᠠᠮᠲᠤ ᠪᠠᠷ ᠵᠥᠪᠳᠡᠯᠴᠡᠵᠦ ᠪᠠᠶᠢᠨ᠎ᠠ
ᠨᠡᠶᠢᠲᠡᠯᠡᠭᠰᠡᠨ ᠴᠠᠭ᠄
2021/9/10
     ᠡᠨᠡ ᠵᠢᠯ ᠠᠴᠠ ᠨᠠᠰᠢ᠂ ᠬᠠᠶᠢᠷᠤᠪ ᠤᠨ ᠲᠣᠬᠤᠶ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠠᠶᠢᠯᠢ ᠰᠦᠶᠳᠬᠡᠯ ᠤᠨ ᠦᠶᠯᠡᠴᠢᠯᠡᠭᠡᠨ ᠤ ᠬᠠᠮᠢᠶᠠᠷᠤᠯᠲᠠ ᠶᠢ ᠨᠡᠶᠢᠭᠡᠮ ᠲᠣᠭᠤᠷᠢᠭ ᠲᠤ ᠪᠠᠭᠤᠯᠭᠠᠬᠤ᠂ ᠨᠡᠶᠢᠭᠡᠮ ᠎ ᠤᠨ ᠦᠶᠯᠡᠴᠢᠯᠡᠭᠡᠨ ᠤ ᠬᠠᠮᠢᠶᠠᠷᠤᠯᠲᠠ ᠶᠢᠨ 《 ᠲᠣᠤᠷᠴᠢᠯᠠᠯ 》᠎ ᠳᠤ ᠠᠭᠤᠰᠬᠠᠬᠤ ᠶᠢ ᠢᠳᠡᠪᠬᠢᠲᠡᠶ ᠰᠦᠪᠡᠭᠴᠢᠯᠡᠵᠦ᠂ ᠨᠡᠶᠢᠭᠡᠮ ᠤᠨ ᠳᠠᠭᠠᠳᠬᠠᠯ ᠳᠤ ᠣᠷᠣᠯᠴᠠᠬᠤ ᠡᠲᠡᠭᠡᠳ ᠤᠨ ᠣᠷᠣᠰᠢᠨ ᠰᠠᠭᠤᠬᠤ ᠨᠢ ᠲᠠᠷᠠᠬᠠᠶ ᠪᠤᠲᠠᠷᠬᠠᠶ᠂ ᠬᠤᠯᠪᠣᠭᠳᠠᠬᠤ ᠬᠡᠪᠴᠢᠶ᠎ᠡ ᠨᠢ ᠥᠷᠭᠡᠨ ᠪᠠᠶᠢᠳᠠᠭ ᠲᠠᠲᠠᠪᠤᠷᠢᠯᠠᠨ ᠬᠠᠮᠢᠶᠠᠷᠬᠤ ᠦᠶᠯᠡᠴᠢᠯᠡᠭᠡᠨ ᠤ ᠬᠦᠴᠢᠷᠳᠡᠯ ᠢ ᠰᠢᠶᠳᠪᠦᠷᠢᠯᠡᠬᠦ ᠶᠢᠨ ᠲᠥᠯᠥᠭᠡ᠂ ᠦᠨᠡᠨ ᠬᠦ ᠰᠦᠶᠳᠬᠡᠯ ᠲᠤᠰᠢᠶᠠᠭᠴᠢ ᠶᠢ 《 ᠰᠦᠯᠵᠢᠶᠡᠨ ᠳᠡᠭᠡᠷ᠎ᠡ ᠢᠯᠡᠭᠦᠦ ᠭᠦᠶᠦᠯᠭᠡᠵᠦ᠂ ᠵᠠᠰᠠᠮᠠᠯ ᠵᠠᠮ ᠢᠶᠠᠷ ᠳᠤᠲᠠᠭᠤ ᠭᠦᠶᠦᠯᠭᠡᠬᠦ 》 ᠪᠣᠯᠭᠠᠵᠤ᠂ ᠨᠡᠶᠢᠭᠡᠮ ᠲᠣᠭᠤᠷᠢᠭ ᠤᠨ ᠲᠣᠤᠷᠴᠢᠯᠠᠯ ᠸᠢᠴᠠᠲ ᠤᠨ ᠴᠤᠭᠯᠠᠷᠠᠯ᠂ ᠲᠣᠤᠷᠴᠢᠯᠠᠯ ᠤᠨ ᠬᠠᠮᠢᠶᠠᠷᠤᠯᠲᠠ ᠶᠢᠨ ᠠᠵᠢᠯᠲᠠᠨ ᠢ ᠡᠷᠦᠬᠡ ᠳᠤ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠳᠠᠭᠠᠳᠬᠠᠯ ᠤᠨ ᠰᠦᠶᠳᠬᠡᠯ ᠢ ᠰᠦᠯᠵᠢᠶᠡᠨ ᠳᠡᠭᠡᠷ᠎ᠡ ᠲᠤᠰᠢᠶᠠᠬᠤ ᠠᠷᠭ᠎ᠠ ᠵᠠᠮ ᠪᠠ ᠶᠠᠪᠤᠴᠠ ᠶᠢ 8 . 32 ᠲᠦᠮᠡᠨ ᠬᠥᠮᠦᠨ ᠤᠳᠠᠭ᠎ᠠ ᠤᠬᠠᠭᠤᠯᠤᠨ ᠬᠠᠪᠰᠤᠷᠤᠨ ᠵᠢᠯᠣᠭᠤᠳᠪᠠ᠃      ᠨᠡᠶᠢᠭᠡᠮ ᠲᠣᠭᠤᠷᠢᠭ ᠤᠨ ᠲᠣᠤᠷ ᠰᠦᠯᠵᠢᠶ᠎ᠡ ᠳᠤ ᠲᠦᠰᠢᠭᠯᠡᠨ ᠨᠡᠶᠢᠭᠡᠮ ᠤᠨ ᠳᠠᠭᠠᠳᠬᠠᠯ ᠤᠨ ᠰᠦᠶᠳᠬᠡᠯ ᠢ ᠰᠦᠯᠵᠢᠶᠡᠨ ᠳᠡᠭᠡᠷ᠎ᠡ ᠲᠤᠰᠢᠶᠠᠬᠤ ᠴᠤᠪᠤᠷᠠᠯ ᠢ ᠪᠣᠳᠠᠲᠠᠶ ᠰᠦᠶᠳᠬᠡᠯ ᠲᠤᠰᠢᠶᠠᠭᠴᠢ ᠳᠤ ᠳᠠᠮᠵᠢᠭᠤᠯᠵᠤ᠂ ᠨᠡᠶᠢᠭᠡᠮ ᠲᠣᠭᠤᠷᠢᠭ ᠤᠨ ᠲᠣᠤᠷᠵᠢᠯ ᠤᠨ ᠠᠵᠢᠯᠲᠠᠨ ᠤ ᠬᠠᠮᠤᠷᠬᠤ ᠬᠡᠪᠴᠢᠶ᠎ᠡ ᠥᠷᠭᠡᠨ ᠪᠠᠶᠢᠬᠤ ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠤᠰᠠᠳᠠ᠂ ᠬᠠᠶᠢᠷᠤᠪ ᠤᠨ ᠲᠣᠬᠤᠶ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠬᠠᠶᠢᠷᠤᠪ ᠤᠨ ᠲᠣᠬᠤᠶ ᠲᠣᠭᠤᠷᠢᠭ ᠤᠨ ᠵᠠᠰᠠᠭ ᠤᠨ ᠣᠷᠳᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠳᠠᠭᠠᠳᠬᠠᠯ ᠤᠨ ᠰᠦᠶᠳᠬᠡᠯ ᠢ ᠲᠠᠲᠠᠪᠤᠷᠢᠯᠠᠨ ᠲᠤᠰᠢᠶᠠᠬᠤ ᠬᠠᠮᠲᠤᠷᠠᠭᠰᠠᠨ ᠬᠤᠷᠠᠯ ᠬᠤᠷᠠᠯᠳᠤᠭᠤᠯᠬᠤ ᠪᠠᠷ ᠳᠡᠪᠰᠢᠭᠦᠯᠵᠦ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠨᠡᠶᠢᠭᠡᠮ ᠎ ᠤᠨ ᠳᠠᠭᠠᠳᠬᠠᠯ᠂ ᠡᠮᠴᠢᠯᠡᠭᠡᠨ ᠤ ᠳᠠᠭᠠᠳᠬᠠᠯ᠂ ᠡᠯ᠎ᠡ ᠪᠠᠯᠭᠠᠰᠤ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠯᠤᠭ᠎ᠠ ᠨᠡᠶᠢᠭᠡᠮ ᠤᠨ ᠳᠠᠭᠠᠳᠬᠠᠯ ᠤᠨ ᠰᠦᠶᠳᠬᠡᠯ ᠢ ᠲᠠᠲᠠᠪᠤᠷᠢᠯᠠᠨ ᠲᠤᠰᠢᠶᠠᠬᠤ ᠠᠵᠢᠯ ᠢ ᠬᠠᠮᠲᠤᠪᠠᠷ ᠰᠤᠳᠤᠯᠵᠤ᠂ ᠨᠡᠶᠢᠭᠡᠮ ᠤᠨ ᠳᠠᠭᠠᠳᠬᠠᠯ ᠤᠨ ᠰᠦᠶᠳᠬᠡᠯ ᠢ ᠰᠦᠯᠵᠢᠶᠡᠨ ᠳᠡᠭᠡᠷ᠎ᠡ ᠲᠤᠰᠢᠶᠠᠬᠤ ᠠᠷᠭ᠎ᠠ ᠮᠠᠶ᠋ᠢᠭ ᠢ ᠤᠬᠠᠭᠤᠯᠬᠤ ᠪᠠ ᠬᠠᠪᠰᠤᠷᠤᠨ ᠵᠢᠯᠣᠭᠤᠳᠬᠤ ᠶᠢ ᠬᠠᠮᠲᠤᠪᠠᠷ ᠥᠷᠨᠢᠭᠦᠯᠬᠦ ᠲᠤᠬᠠᠶ ᠲᠣᠬᠢᠷᠠᠭᠤᠯᠤᠨ ᠪᠠᠶᠢᠷᠢᠯᠠᠭᠤᠯᠵᠤ᠂ ᠸᠢᠴᠠᠲ᠂ ᠮᠥᠩᠬᠡ ᠰᠤᠪᠠᠭ ᠵᠡᠷᠭᠡ ᠰᠦᠯᠵᠢᠶᠡᠨ ᠳᠡᠭᠡᠷ᠎ᠡ ᠰᠦᠶᠳᠬᠡᠯ ᠲᠤᠰᠢᠶᠠᠬᠤ ᠠᠷᠭ᠎ᠠ ᠮᠠᠶ᠋ᠢᠭ ᠢ ᠬᠤᠷᠠᠯ ᠳᠤ ᠣᠷᠣᠯᠴᠠᠭᠰᠠᠨ ᠨᠢᠭᠡᠴᠡ ᠳᠤ ᠲᠤᠬᠠᠶ ᠶᠢᠨ ᠭᠠᠵᠠᠷ ᠲᠤᠨᠢ ᠬᠠᠪᠰᠤᠷᠤᠨ ᠵᠢᠯᠣᠭᠤᠳᠪᠠ  ᠃      ᠬᠠᠶᠢᠷᠤᠪ ᠤᠨ ᠲᠣᠬᠤᠶ ᠲᠣᠭᠤᠷᠢᠭ ᠤᠨ ᠳᠡᠳ᠋ ᠲᠣᠪᠴᠢᠶᠠᠨ ᠳᠠᠷᠤᠭ᠎ᠠ ᠯᠢᠦ ᠶᠠᠩ ᠲᠣᠰ ᠲᠣᠪᠴᠢᠶ᠎ᠠ ᠶᠢᠨ ᠰᠠᠨᠠᠭᠠᠴᠢᠯᠠᠭ᠎ᠠ ᠠᠴᠠ ᠪᠠᠨ ᠵᠣᠯᠭᠠᠯᠳᠤᠭᠰᠠᠨ᠂ ᠤᠷᠢᠳᠴᠢᠯᠠᠨ ᠤᠬᠠᠭᠠᠯᠠᠭᠰᠠᠨ ᠵᠢᠴᠢ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠰᠦᠯᠵᠢᠶᠡᠨ ᠳᠡᠭᠡᠷ᠎ᠡ ᠲᠤᠰᠢᠶᠠᠬᠤ ᠠᠷᠭ᠎ᠠ ᠬᠢᠳᠡᠯ ᠢ ᠶᠡᠭᠡ ᠪᠠᠷ ᠳᠡᠯᠭᠡᠷᠡᠭᠦᠯᠦᠭᠰᠡᠨ ᠢ ᠨᠤᠲᠠᠯᠠᠪᠠ᠃ ᠲᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠶ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠮᠲᠤᠷᠠᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠣᠷᠳᠣᠨ ᠲᠦᠷᠦᠭᠦᠯᠡᠨ᠂ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠰᠦᠶᠳᠬᠡᠯ ᠳᠤ ᠬᠤᠯᠪᠣᠭᠳᠠᠬᠤ ᠰᠠᠯᠠᠭ᠎ᠠ ᠮᠥᠴᠢᠷ ᠲᠠᠢ ᠰᠦᠶᠳᠬᠡᠯ ᠬᠤᠷᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠭᠠᠶᠢᠯᠢ ᠰᠦᠶᠳᠬᠡᠯ ᠤᠨ ᠦᠶᠯᠡᠴᠢᠯᠡᠭᠡᠨ ᠤ ᠬᠠᠮᠢᠶᠠᠷᠤᠯᠲᠠ ᠳᠤᠮᠳᠠᠬᠢ ᠬᠦᠴᠢᠷ ᠲᠦᠪᠡᠭᠲᠡᠶ ᠲᠦᠭᠵᠢᠷᠡᠯ ᠤᠨ ᠠᠰᠠᠭᠤᠳᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠳᠤᠯᠤᠨ ᠰᠢᠶᠳᠪᠦᠷᠢᠯᠡᠵᠦ᠂ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠠᠴᠠ ᠨᠢᠭᠡ ᠶᠡᠷᠦᠩᠬᠡᠶ ᠬᠤᠯᠪᠣᠭᠠᠴᠢᠨ ᠢ ᠲᠣᠭᠲᠠᠭᠠᠵᠤ᠂ ᠴᠠᠭ ᠲᠤᠬᠠᠶ ᠳᠤᠨᠢ ᠨᠡᠪᠲᠡᠷᠡᠯᠴᠡᠨ ᠬᠠᠷᠢᠯᠴᠠᠵᠤ᠂ ᠬᠠᠷᠢᠭᠤ ᠲᠤᠰᠬᠠᠭᠰᠠᠨ ᠠᠰᠠᠭᠤᠳᠠᠯ ᠢ ᠬᠤᠷᠢᠶᠠᠨ ᠴᠤᠭᠯᠠᠭᠤᠯᠵᠤ᠂ ᠠᠰᠠᠭᠤᠳᠠᠯ ᠢ ᠴᠠᠭ ᠲᠤᠬᠠᠶ ᠳᠤᠨᠢ ᠰᠢᠶᠳᠪᠦᠷᠢᠯᠡᠬᠦ ᠶᠢ ᠦᠨᠡᠨ ᠬᠦ ᠪᠠᠲᠤᠯᠠᠵᠤ᠂ ᠣᠯᠠᠨ ᠠᠷᠭ᠎ᠠ ᠵᠠᠮ ᠢᠶᠠᠷ ᠤᠬᠠᠭᠤᠯᠭ᠎ᠠ ᠶᠢ ᠥᠷᠭᠡᠨ ᠢᠶᠠᠷ ᠪᠦᠷᠬᠦᠭᠦᠯᠵᠦ᠂ ᠣᠯᠠᠨ ᠰᠠᠯᠠᠭ᠎ᠠ ᠮᠥᠴᠢᠷ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠲᠣᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ ᠤ ᠳᠥᠭᠦᠮ ᠳᠥᠲᠡ ᠠᠷᠭ᠎ᠠ ᠵᠠᠮ ᠢᠶᠠᠷ ᠳᠠᠮᠵᠢᠭᠤᠯᠤᠨ᠂ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ 《 ᠡᠴᠦᠰ ᠤᠨ ᠨᠢᠭᠡ ᠺᠢᠯᠣᠮᠧᠲᠷ  ᠎ ᠶᠢ ᠪᠡᠶᠡᠯᠡᠭᠦᠯᠤᠨ᠎ᠠ᠃ ( ᠸᠠᠩ ᠮᠢᠨ )᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号