ᠦᠬᠠᠶ ᠶᠢᠨ ᠰᠣᠶᠣᠯ ᠵᠢᠭᠤᠯᠴᠢᠯᠠᠯ ᠤᠨ ᠪᠠᠶᠠᠷ ᠢᠷᠡᠯ᠎ᠡ︕
ᠨᠡᠶᠢᠲᠡᠯᠡᠭᠰᠡᠨ ᠴᠠᠭ᠄
2021/9/10
     9 ᠰᠠᠷ᠎ᠠ ᠶᠢᠨ 8᠎ ᠤ ᠡᠳᠦᠷ᠂ ᠰᠤᠷᠪᠤᠯᠵᠢᠯᠠᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 9 ᠰᠠᠷ᠎ᠠ ᠶᠢᠨ 15᠎ ᠤ ᠡᠳᠦᠷ᠂ 2021 ᠥᠪᠥᠷ ᠮᠣᠩᠭᠤᠯ ᠤᠨ ᠬᠠᠲᠤᠨ ᠭᠤᠤᠯ ᠤᠨ ᠵᠢᠢ ᠽᠢ ᠸᠠᠨ ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠤᠯᠠᠷᠢᠯ ᠵᠢᠴᠢ ᠦᠬᠠᠶ ᠶᠢᠨ ᠡᠯᠡᠰᠦᠨ ᠴᠥᠯ ᠤᠨ ᠦᠵᠦᠮ ᠤᠨ ᠠᠷᠢᠬᠢ ᠶᠢᠨ ᠰᠣᠶᠣᠯ ᠵᠢᠭᠤᠯᠴᠢᠯᠠᠯ ᠤᠨ ᠨᠠᠶᠢᠷ ᠮᠠᠨ ᠤ ᠬᠤᠲᠠ ᠳᠤ ᠶᠠᠪᠤᠭᠳᠠᠬᠤ ᠪᠣᠯᠤᠨ᠎ᠠ᠃      ᠲᠣᠰ ᠤᠳᠠᠭᠠᠨ ᠤ ᠰᠣᠶᠣᠯ ᠵᠢᠭᠤᠯᠴᠢᠯᠠᠯ ᠤᠨ ᠨᠠᠶᠢᠷ ᠤᠨ ᠭᠤᠤᠯ ᠰᠡᠳᠦᠪ ᠢᠯᠡ ᠲᠣᠳᠣ᠂ ᠬᠢᠯᠠᠰ ᠴᠡᠭ ᠵᠠᠯᠭᠠᠭ᠎ᠠ ᠪᠠᠷ ᠢᠯᠡᠷᠡᠵᠦ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠡᠦᠬᠡᠨ ᠶᠠᠪᠤᠴᠠ᠂ ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠬᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ᠂ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠥᠷᠨᠢᠭᠦᠯᠬᠦ ᠪᠣᠯᠤᠨ᠎ᠠ᠃ ᠠᠵᠢᠯᠯᠠᠭ᠎ᠠ ᠶᠢᠨ ᠭᠤᠤᠯ ᠠᠭᠤᠯᠭ᠎ᠠ ᠳᠤ᠄ ᠡᠬᠢᠯᠡᠯᠲᠡ ᠶᠢᠨ ᠶᠣᠰᠣᠯᠠᠯ᠂ ᠡᠯᠡᠰᠦᠨ ᠴᠦᠯ ᠤᠨ ᠦᠵᠦᠮ ᠤᠨ ᠠᠷᠢᠬᠢᠨ ᠤ ᠰᠣᠶᠣᠯ ᠤᠨ ᠦᠵᠡᠭᠦᠯᠭᠡ᠂ 2021 ᠰᠢᠨ᠎ᠡ ᠠᠷᠢᠬᠢᠨ ᠤ ᠳᠤᠷᠠᠰᠬᠠᠯ ᠤᠨ ᠠᠷᠢᠬᠢ ᠨᠡᠶᠢᠲᠡᠯᠡᠬᠦ᠂ ︽ᠠᠷᠢᠬᠢ ᠰᠢᠯᠦᠭ ᠨᠣᠮ ᠤᠨ ᠬᠤᠲᠠ ᠳᠤ ᠴᠤᠭᠯᠠᠷᠠᠬᠤ︾ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠭᠡ᠂ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ︵ᠭᠢᠤᠨᠢ ᠠᠷᠢᠬᠢᠨ ᠮᠤᠬᠤᠯᠠᠭ ︶᠂ ᠥᠪᠥᠷ ᠮᠣᠩᠭᠤᠯ ᠤᠨ ᠦᠨᠦᠷ ᠠᠮᠲᠠ ᠦᠬᠠᠶ ᠶᠢᠨ ᠠᠮᠲᠠᠲᠤ ᠢᠳᠡᠭᠡᠨ ᠢ ᠨᠡᠶᠢᠲᠡᠯᠡᠬᠦ ᠠᠵᠢᠯᠯᠠᠭ᠎ᠠ᠂ ᠬᠠᠲᠤᠨ ᠭᠤᠤᠯ ᠤᠨ ᠵᠢᠢ ᠽᠢ ᠸᠠᠨ ᠲᠤᠯᠤᠭᠠᠨ ᠠᠶᠢᠮᠠᠭ ᠬᠤᠲᠠ ᠶᠢᠨ ᠵᠢᠭᠤᠯᠴᠢᠯᠠᠯ ᠤᠨ ᠤᠬᠠᠭᠤᠯᠤᠨ ᠲᠠᠨᠢᠯᠴᠠᠭᠤᠯᠬᠤ ᠬᠤᠷᠠᠯ᠂ ᠵᠢᠭᠤᠯᠴᠢᠯᠠᠯ ᠤᠨ ᠰᠣᠳᠣᠨ ᠵᠠᠮ ᠱᠤᠭᠤᠮ ᠤᠨ ᠪᠡᠶᠡᠴᠢᠯᠡᠨ ᠣᠶᠢᠯᠠᠭᠠᠯᠲᠠ᠂ ᠦᠬᠠᠶ ᠶᠢᠨ ︽ᠠᠷᠢᠬᠢ ᠰᠢᠯᠦᠭ ᠨᠣᠮ ᠤᠨ ᠬᠤᠲᠠ ᠳᠤ ᠴᠤᠭᠯᠠᠷᠠᠬᠤ︾ ᠢᠷᠠᠭᠤ ᠨᠠᠶᠢᠷᠠᠭ ᠤᠨ ᠤᠷᠠᠨ ᠤᠩᠰᠢᠯᠭ᠎ᠠ ᠶᠢᠨ ᠬᠤᠷᠠᠯ ᠵᠡᠷᠭᠡ ᠪᠠᠭᠲᠠᠨ᠎ᠠ᠃ ᠣᠳᠣᠬᠠᠨ ᠳᠤ᠂ ᠡᠯ᠎ᠡ ᠵᠦᠢᠯ ᠤᠨ ᠠᠵᠢᠯᠯᠠᠭ᠎ᠠ ᠶᠠᠭ ᠪᠠᠴᠢᠮ ᠶᠠᠭᠠᠷᠠᠯᠲᠠᠢ ᠡᠮᠬᠢ ᠵᠢᠷᠤᠮ ᠲᠠᠢ ᠪᠡᠯᠡᠳᠬᠡᠵᠦ ᠪᠠᠶᠢᠨ᠎ᠠ᠃
   ᠠᠵᠢᠯᠯᠠᠭ᠎ᠠ ᠶᠢᠨ ᠬᠤᠭᠤᠴᠠᠭᠠᠨ ᠳᠤ᠂ ᠮᠠᠨ ᠤ ᠬᠤᠲᠠ ᠪᠠᠰᠠ 2021 ᠥᠪᠥᠷ ᠮᠣᠩᠭᠤᠯ ᠤᠨ ᠬᠠᠲᠤᠨ ᠭᠤᠤᠯ ᠤᠨ ᠪᠤᠯᠤᠩ ᠤᠨ ᠠᠮᠢ ᠠᠬᠤᠶ ᠶᠢᠨ ᠰᠣᠶᠣᠯ ᠤᠨ ᠵᠢᠭᠤᠯᠴᠢᠯᠠᠯ ᠤᠨ ᠤᠯᠠᠷᠢᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠪᠣᠬᠢᠷᠲᠤᠯ ᠥᠬᠡᠶ ᠠᠮᠢ ᠠᠬᠤᠶ ᠶᠢᠨ ᠰᠣᠶᠣᠯ ᠤᠨ ᠵᠢᠭᠤᠯᠴᠢᠯᠠᠯ᠂ ᠤᠨᠴᠠᠯᠢᠭᠳᠤ ᠦᠵᠡᠮᠵᠢ ᠶᠢᠨ ᠵᠢᠭᠤᠯᠴᠢᠯᠠᠯ᠂ ᠬᠠᠭᠤᠴᠢ ᠰᠤᠳᠤᠯᠤᠯ ᠲᠡᠦᠬᠡ ᠰᠣᠶᠣᠯ ᠤᠨ ᠵᠢᠭᠤᠯᠴᠢᠯᠠᠯ᠂ ᠬᠥᠳᠡᠭᠡ ᠲᠣᠰᠬᠤᠨ ᠤ ᠵᠠᠩ ᠤᠶᠢᠯᠡ ᠶᠢᠨ ᠰᠣᠶᠣᠯ ᠤᠨ ᠵᠢᠭᠤᠯᠴᠢᠯᠠᠯ ᠵᠡᠷᠭᠡ ᠭᠤᠤᠯ ᠰᠡᠳᠦᠪᠲᠦ ᠵᠠᠮ ᠱᠤᠭᠤᠮ ᠢ ᠭᠠᠷᠭᠠᠵᠤ᠂ ᠣᠯᠠᠨ ᠶᠠᠩᠵᠤ ᠶᠢᠨ ᠠᠮᠢ ᠠᠬᠤᠶ ᠶᠢᠨ ᠰᠣᠶᠣᠯ ᠤᠨ ᠵᠢᠭᠤᠯᠴᠢᠯᠠᠯ ᠤᠨ  ᠤᠶᠢᠯᠡᠤᠡᠭᠦᠨ ᠪᠠ  ᠤᠶᠢᠯᠡᠴᠢᠯᠡᠭᠡ ᠶᠢ ᠭᠠᠷᠭᠠᠨ᠎ᠠ᠃    ᠡᠭᠦᠨ ᠠᠴᠠ ᠭᠠᠳᠠᠨ᠎ᠠ᠂ ᠮᠠᠨ ᠤ ᠬᠤᠲᠠ ᠪᠠᠰᠠ ᠡᠨᠡ ᠤᠳᠠᠭᠠᠨ ᠤ ᠬᠥᠳᠡᠯᠭᠡᠭᠡᠨ ᠢᠶᠠᠷ ᠲᠣᠬᠢᠶᠠᠯ ᠪᠣᠯᠭᠠᠨ᠎ᠠ᠂ ᠬᠠᠲᠤᠨ ᠭᠤᠤᠯ ᠳᠠᠭᠠᠤ ᠬᠤᠲᠠ ᠶᠢᠨ ᠵᠢᠭᠤᠯᠴᠢᠯᠠᠯ ᠤᠨ ᠬᠤᠷᠢᠶ᠎ᠠ ᠶᠢ ᠤᠷᠢᠪᠠ᠂ ᠵᠢᠭᠤᠯᠴᠢᠯᠠᠯ ᠤᠨ ᠠᠵᠤ ᠠᠬᠤᠶᠢᠯᠠᠯ ᠪᠠ ᠨᠡᠷᠡᠲᠦ ᠰᠦᠯᠵᠢᠶᠡᠨ ᠴᠤᠤᠲᠠᠨ ᠵᠢᠭᠤᠯᠴᠢᠯᠠᠯ ᠤᠨ ᠱᠤᠭᠤᠮ ᠭᠢᠰᠬᠢᠨ᠎ᠡ᠂ ᠬᠦᠴᠦᠨ ᠵᠢᠭᠡᠯᠡᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠦᠵᠡᠰᠬᠦᠯᠡᠩ ᠵᠢᠴᠢ ᠢᠨᠲ᠋ᠧᠷ ᠰᠦᠯᠵᠢᠶᠡᠨ ᠤ ᠲᠠᠪᠴᠠᠩ᠂ ︽ᠡᠯᠡᠰᠦᠨ ᠴᠦᠯ ᠳᠤ ᠢᠷᠡᠵᠦ ᠳᠠᠯᠠᠢ ᠶᠢ ᠬᠠᠷᠠᠬᠤ︾᠂ ︽ᠭᠡᠷ ᠤᠨ ᠭᠠᠳᠠᠨᠠᠬᠢ ᠬᠥᠳᠡᠯᠭᠡᠭᠡᠨ ᠰᠡᠯᠡᠭᠦᠴᠡᠯ︾᠎ ᠤᠨ ᠠᠷᠪᠠᠨ ᠶᠡᠭᠡ ᠰᠦᠯᠵᠢᠶᠡᠨ ᠤ ᠨᠡᠷᠡᠲᠦ ᠲᠡᠮᠳᠡᠭ ᠲᠠᠯᠪᠢᠬᠤ ᠭᠠᠵᠠᠷ ᠢ ᠳᠡᠯᠭᠡᠷᠡᠭᠦᠯᠪᠡ᠂ ︽ᠦᠵᠦᠮ ᠤᠨ ᠤᠯᠠᠷᠢᠯ ᠤᠨ ᠠᠷᠢᠬᠢᠨ ᠮᠤᠬᠤᠯᠠᠭ ᠤᠨ ᠲᠣᠯᠢ︾᠂ ᠵᠠᠰᠠᠮᠠᠯ ᠵᠠᠮ ᠤᠨ ᠳᠤᠭᠤᠶ ᠲᠡᠷᠭᠡ᠂ ᠤᠰᠤᠨ ᠳᠡᠭᠡᠷᠡᠬᠢ ᠳᠠᠷᠪᠠᠭᠤᠯᠲᠤ ᠬᠠᠪᠲᠠᠰᠤ ᠵᠡᠷᠭᠡ ᠳᠥᠷᠪᠡᠨ ᠤᠯᠠᠷᠢᠯ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠢ ᠰᠣᠨᠢᠷᠬᠠᠨ ᠪᠡᠶᠡᠴᠢᠯᠡᠨ ᠣᠶᠢᠯᠠᠭᠠᠬᠤ ᠵᠠᠮ ᠱᠤᠭᠤᠮ᠂ ᠦᠬᠠᠶ ᠶᠢᠨ ᠥᠪᠡᠷᠮᠢᠴᠡ ᠣᠨᠴᠠᠯᠢᠭ ᠢ ᠲᠥᠪᠯᠡᠷᠡᠭᠦᠯᠦᠨ ᠳᠡᠯᠭᠡᠨ ᠦᠵᠡᠭᠦᠯᠬᠦ ︽ᠠᠭᠤᠯᠠ ᠳᠠᠯᠠᠢ ᠶᠢᠨ ᠡᠯᠡᠰᠦᠨ ᠬᠤᠲᠠ‌‍ᠰᠣᠶᠣᠯ ᠵᠢᠭᠤᠯᠴᠢᠯᠠᠯ ᠤᠨ ᠡᠬᠢ ᠪᠠᠶᠠᠯᠢᠭ᠂ ︽ᠡᠯᠡᠰᠦᠨ ᠴᠥᠯ ᠠᠴᠠ ᠲᠡᠯᠡᠶ ᠶᠢ ᠬᠠᠷᠠᠬᠤ︾ ᠵᠢᠭᠤᠯᠴᠢᠯᠠᠯ ᠤᠨ ᠨᠠᠷᠠᠲᠤ ᠲᠡᠮᠳᠡᠭ ᠢ ᠤᠯᠠᠮ ᠨᠢᠭᠡ ᠠᠯᠬᠤᠮ ᠢᠯᠡ ᠲᠣᠳᠣ ᠪᠣᠯᠭᠠᠵᠤ᠂ ᠡᠭᠦᠨ ᠤ ᠤᠯᠠᠮ ᠠᠴᠠ  ᠨᠢᠭᠡᠳᠤᠭᠡᠷ᠂  ᠬᠤᠶᠠᠳᠤᠭᠠᠷ᠂  ᠭᠤᠷᠪᠠᠳᠤᠭᠠᠷ ᠠᠵᠤ ᠤᠶᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠠ ᠠᠵᠤ ᠠᠬᠤᠶ ᠠᠷᠠᠯᠵᠢᠶ᠎ᠠ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号