ᠪᠥᠬᠦ ᠬᠤᠲᠠ ᠶᠢᠨ ᠭᠤᠴᠢᠨ ᠳᠣᠯᠣᠳᠤᠭᠠᠷ ᠪᠠᠭᠰᠢ ᠶᠢᠨ ᠪᠠᠶᠠᠷ ᠢ ᠪᠡᠯᠭᠡᠯᠡᠬᠦ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/10
      9 ᠰᠠᠷ᠎ᠠ ᠶᠢᠨ 7᠎ ᠤ ᠡᠳᠦᠷ᠂ ᠪᠥᠬᠦ ᠬᠤᠲᠠ ᠶᠢᠨ ᠭᠤᠴᠢᠨ ᠳᠣᠯᠣᠳᠤᠭᠠᠷ ᠪᠠᠭᠰᠢ ᠶᠢᠨ ᠪᠠᠶᠠᠷ ᠢ ᠪᠡᠯᠭᠡᠯᠡᠬᠦ ᠶᠡᠭᠡ ᠬᠤᠷᠠᠯ ᠬᠤᠷᠠᠯᠳᠤᠪᠠ᠃      ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠬᠤᠷᠠᠯ ᠡᠷᠭᠢᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ ᠹᠧᠩ ᠰᠢᠤᠸᠠᠢ ᠲᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠤᠳᠤᠷᠢᠳᠤᠯᠭ᠎ᠠ ᠬᠤ᠋ ᠱᠠᠨ ᠱᠦᠨ᠂ ᠾᠦᠸᠧ ᠵᠧᠨ ᠭᠦᠸᠧ᠂ ᠳ᠋ᠧᠩ ᠺᠠᠶ᠂ ᠯᠢ ᠠᠩ᠂ ᠯᠢ ᠴᠦᠨ ᠰᠢᠶᠤᠤ᠂ ᠬᠤᠤ ᠰᠢ ᠬᠤᠩ ᠨᠠᠷ ᠬᠤᠷᠠᠯ ᠳᠤ ᠣᠷᠣᠯᠴᠠᠵᠠᠶ᠃      ᠬᠤᠷᠠᠯ ᠠᠴᠠ 2020 — 2021 ᠣᠨ ᠤ ᠪᠦᠬᠦ ᠬᠤᠳᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠪᠣᠯᠤᠨ ᠰᠢᠯᠢᠳᠡᠭ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃ ᠲᠠᠩ ᠢ ᠵᠡᠷᠭᠡ ᠬᠤᠲᠠ ᠶᠢᠨ ᠤᠳᠤᠷᠢᠳᠤᠯᠭ᠎ᠠ ᠠᠴᠠ ᠬᠥᠬᠢᠭᠦᠯᠦᠯ ᠭᠥᠷᠳᠡᠭᠰᠡᠨ ᠲᠡᠷᠢᠭᠦᠨ ᠤ ᠬᠠᠮᠲᠤ᠂ ᠰᠢᠯᠢᠳᠡᠭ ᠪᠠᠭᠰᠢ᠂ ᠰᠢᠯᠢᠳᠡᠭ ᠰᠤᠷᠭᠠᠨ ᠬᠥᠮᠦᠵᠢᠯ ᠤᠨ ᠠᠵᠢᠯᠲᠠᠨ᠂ ᠰᠢᠯᠢᠳᠡᠭ ᠠᠩᠭᠢ ᠶᠢᠨ ᠡᠷᠬᠢᠯᠡᠭᠴᠢ᠂ ᠰᠤᠷᠭᠠᠨ ᠬᠥᠮᠦᠵᠢᠯ ᠤᠨ ᠲᠠᠪᠴᠠᠩ ᠤᠨ ᠰᠢᠨ᠎ᠡ ᠰᠣᠳᠣᠴᠢᠳ ᠪᠠ ᠢᠷᠠᠭᠤ ᠠᠯᠳᠠᠷᠲᠠᠶ ᠪᠠᠷ ᠠᠵᠢᠯ ᠠᠴᠠ ᠪᠠᠨ ᠪᠠᠭᠤᠵᠤ ᠠᠮᠠᠷᠠᠭᠰᠠᠨ ᠨᠠᠷᠠᠲᠤ ᠪᠠᠭᠰᠢ ᠵᠡᠷᠭᠡ ᠱᠠᠩᠨᠠᠯ ᠬᠦᠷᠲᠡᠭᠰᠡᠳ ᠤᠨ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃ ᠲᠡᠷᠢᠭᠦᠨ ᠤ ᠬᠠᠮᠲᠤ᠂ ᠰᠢᠯᠢᠳᠡᠭ ᠪᠠᠭᠰᠢ᠂ ᠰᠤᠷᠭᠠᠨ ᠬᠥᠮᠦᠵᠢᠯ ᠤᠨ ᠲᠠᠪᠴᠠᠩ ᠤᠨ ᠰᠢᠨ᠎ᠡ ᠰᠣᠳᠣᠴᠢᠳ ᠤᠨ ᠲᠥᠯᠥᠭᠡᠯᠡᠭᠴᠢᠳ ᠲᠡᠰ ᠳᠠᠷᠠᠭᠠᠯᠠᠨ ᠶᠠᠷᠢᠶ᠎ᠠ ᠲᠠᠯᠪᠢᠪᠠ᠃       ᠲᠠᠩ ᠢ ᠵᠢᠭᠠᠵᠤ ᠭᠠᠷᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠰᠤᠷᠭᠠᠨ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠯᠢ ᠤᠯᠠᠨ ᠪᠦᠲᠦᠭᠡᠯᠴᠢ ᠦᠵᠡᠯᠲᠡ ᠲᠠᠢ ᠰᠢᠨ᠎ᠡ ᠤᠢᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠶᠢ ᠳᠤᠷᠠᠳᠴᠤ᠂ ᠪᠢᠳᠡᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠠᠢ᠃ ᠪᠦᠬᠦ ᠬᠤᠳᠠ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾᠎ ᠶᠢ ᠪᠠᠭᠲᠠᠭᠠᠵᠤ᠂ ︽ᠤᠯᠤᠰ ᠤᠨ ᠶᠡᠭᠡ ᠶᠠᠪᠤᠳᠠᠯ︾᠎ ᠢ ᠪᠠᠲᠤ ᠴᠡᠭᠡᠵᠢᠯᠡᠵᠦ᠂ ᠰᠤᠷᠭᠠᠨ ᠬᠥᠮᠦᠵᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠤ᠂ ᠠᠷᠠᠳ ᠤᠨ ᠠᠮᠢᠳᠤᠷᠠᠯ ᠢ ᠠᠳᠬᠤᠬᠤ᠂ ᠬᠦᠰᠡᠯ ᠡᠷᠡᠮᠡᠯᠵᠡᠯ ᠢ ᠠᠳᠬᠤᠬᠤ᠂ ᠢᠷᠡᠭᠡᠳᠦᠢ ᠶᠢ ᠠᠳᠬᠤᠬᠤ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠢᠨ᠎ᠡ ᠭᠠᠷᠤᠭ᠎ᠠ ᠳᠤ ᠰᠠᠭᠤᠷᠢᠯᠠᠵᠤ᠂ ᠰᠢᠨ᠎ᠡ ᠱᠠᠭᠠᠷᠳᠠᠯᠭ᠎ᠠ ᠯᠤᠭ᠎ᠠ ᠬᠠᠷᠭᠤᠭᠤᠯᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠨ ᠪᠠᠶᠢᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠬᠤ ᠬᠡᠷᠡᠭᠲᠡᠢ ᠬᠡᠵᠡᠢ᠃      ᠲᠠᠩ ᠢ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠪᠣᠯ ᠤᠯᠤᠰ ᠤᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠪᠠ ᠵᠢᠯᠣᠭᠤᠳᠣᠯᠭ᠎ᠠ ᠮᠥᠨ ᠪᠥᠭᠡᠳ ᠪᠠᠰᠠ ᠴᠤ ᠴᠢᠨᠠᠷ ᠰᠠᠶᠢᠲᠠᠶ ᠬᠥᠭᠵᠢᠯᠲᠡ᠂ ᠴᠢᠨᠠᠷ ᠰᠠᠶᠢᠲᠠᠶ ᠠᠮᠢᠳᠤᠷᠠᠯ᠂ ᠴᠢᠨᠠᠷ ᠰᠠᠶᠢᠲᠠᠶ ᠵᠠᠰᠠᠯᠲᠠ ᠶᠢ ᠪᠡᠶᠡᠯᠡᠭᠦᠯᠬᠦ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠃ ︽ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ︾ ᠦᠨᠳᠦᠰᠦᠨ ᠡᠭᠦᠷᠭᠡ ᠶᠢ ᠪᠠᠲᠤ ᠡᠵᠡᠮᠳᠡᠵᠦ᠂ ︽ᠲᠦᠷᠪᠡ ᠳᠤ ᠦᠢᠯᠡᠴᠢᠯᠡᠬᠦ︾ ᠦᠨᠳᠦᠰᠦᠨ ᠱᠠᠭᠠᠷᠳᠠᠯᠭ᠎ᠠ ᠶᠢ ᠨᠠᠷᠢᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠦᠵᠡᠯ ᠰᠠᠨᠠᠭᠠᠨ ᠤ ᠰᠠᠭᠤᠷᠢ ᠪᠠᠨ ᠦᠷᠭᠦᠯᠵᠢᠯᠡᠨ ᠪᠠᠲᠤᠳᠬᠠᠨ ᠪᠠᠬᠢᠵᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠬᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠲᠥᠯᠥᠭᠡ ᠨᠠᠰᠤ ᠪᠠᠷ ᠢᠶᠠᠨ ᠲᠡᠮᠡᠴᠡᠬᠦ ᠪᠠᠷ ᠵᠣᠷᠢᠭ ᠰᠢᠭᠤᠳᠤᠭᠰᠠᠨ ᠬᠡᠷᠡᠭᠴᠡᠭᠡ ᠲᠠᠢ ᠴᠢᠳᠠᠪᠤᠷᠢᠲᠠᠨ ᠢ ᠴᠢᠷᠮᠠᠶᠢᠨ ᠬᠥᠮᠦᠵᠢᠭᠦᠯᠬᠦ ᠬᠡᠷᠡᠭᠲᠡᠢ᠃ ᠶᠠᠰᠤ ᠴᠢᠨᠠᠷ ᠢᠶᠠᠷ ᠰᠤᠷᠭᠠᠨ ᠬᠥᠮᠦᠵᠢᠯ ᠢ ᠬᠥᠭᠵᠢᠭᠦᠯᠬᠦ ᠤᠬᠠᠮᠰᠠᠷ ᠢ ᠪᠠᠲᠤ ᠪᠤᠢ ᠪᠣᠯᠭᠠᠵᠤ᠂ ᠰᠤᠷᠭᠠᠨ ᠬᠥᠮᠦᠵᠢᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠨᠡᠶᠢᠳᠡᠮ ᠠᠰᠢᠭ ᠬᠦᠷᠲᠡᠭᠡᠬᠦ ᠬᠥᠭᠵᠢᠯᠲᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ︽ᠬᠤᠶᠠᠷ ᠢ ᠬᠦᠩᠭᠡᠷᠡᠬᠦᠯᠬᠦ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠤᠯᠠᠨ ᠤ ᠴᠢᠨᠠᠷ ᠰᠠᠶᠢᠲᠠᠢ ᠰᠤᠷᠭᠠᠨ ᠬᠥᠮᠦᠵᠢᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠬᠤ ᠬᠡᠷᠡᠭᠲᠡᠢ᠃ ᠥᠷᠭᠡᠨ ᠣᠯᠠᠨ ᠪᠠᠭᠰᠢ ᠶᠢᠨ ᠤᠯᠤᠰ ᠲᠥᠷᠥ ᠣᠨᠣᠯ ᠤᠨ ᠬᠡᠪ ᠴᠢᠨᠠᠷ᠂ ᠦᠵᠡᠯ ᠰᠠᠨᠠᠭ᠎ᠠ ᠶᠣᠰᠣ ᠮᠣᠷᠠᠯ ᠤᠨ ᠪᠣᠯᠪᠠᠰᠤᠷᠠᠯ ᠪᠠ ᠠᠵᠢᠯ ᠮᠡᠷᠭᠡᠵᠢᠯ ᠶᠣᠰᠣ ᠮᠣᠷᠠᠯ ᠤᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ ᠴᠢᠳᠠᠪᠤᠷᠢ ᠪᠠᠨ ᠴᠢᠩᠭᠠᠷᠠᠭᠤᠯᠤᠨ᠂ ᠡᠯ᠎ᠡ ᠱᠠᠲᠤᠨ ᠤ ᠵᠢᠭᠠᠨ ᠰᠤᠳᠤᠯᠬᠤ ᠬᠦᠴᠦᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠪᠠᠨ ᠲᠡᠭᠦᠯᠳᠡᠷᠵᠢᠭᠦᠯᠵᠦ᠂ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠰᠠᠨ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠪᠠᠭᠰᠢ᠂ ᠰᠤᠷᠭᠠᠭᠤᠯᠢ ᠶᠢᠨ ᠵᠠᠬᠢᠷᠤᠯ᠂ ᠵᠢᠭᠠᠨ ᠰᠤᠳᠤᠯᠬᠤ ᠠᠵᠢᠯᠲᠠᠨ ᠤ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠰᠠᠶᠢᠲᠤᠷ ᠠᠳᠬᠤᠵᠤ᠂ ᠬᠠᠮᠲᠤᠷᠠᠯ ᠤᠨ ᠬᠦᠴᠦᠨ ᠢ ᠥᠷᠭᠡᠨ ᠢᠶᠠᠷ ᠨᠢᠭᠲᠠᠷᠠᠭᠤᠯᠵᠤ᠂ ᠠᠮᠤᠷ ᠲᠦᠪᠰᠢᠨ ᠣᠷᠴᠢᠨ ᠲᠣᠭᠤᠷᠢᠨ ᠢ ᠪᠤᠢ ᠪᠣᠯᠭᠠᠵᠤ᠂ ᠰᠤᠷᠭᠠᠨ ᠬᠥᠮᠦᠵᠢᠯ ᠤᠨ ᠦᠢᠯᠡᠰ ᠢ ᠬᠥᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠬᠦ ᠬᠡᠷᠡᠭᠲᠡᠢ ᠬᠡᠵᠡᠢ᠃       ᠶᠠᠩ ᠶᠢᠨ ᠱᠠᠭᠠᠷᠳᠠᠭᠰᠠᠨ ᠨᠢ᠂ ᠰᠤᠷᠭᠠᠨ ᠬᠥᠮᠦᠵᠢᠯ ᠢ ᠢᠮᠠᠭᠲᠠ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠪᠥᠬᠦ ᠬᠤᠲᠠ ᠶᠢᠨ ᠬᠦᠴᠦᠨ ᠢ ᠳᠠᠶᠢᠴᠢᠯᠠᠨ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠪᠣᠶ ᠪᠣᠯᠭᠠᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠢᠶᠠᠷ ᠦᠬᠠᠶ ᠶᠢᠨ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠶ᠃ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠢᠮᠠᠭᠲᠠ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠭᠤᠣᠯ ᠡᠭᠦᠷᠭᠡ ᠪᠣᠯᠭᠠᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠰᠤᠷᠭᠠᠭᠤᠯᠢ ᠡᠷᠬᠢᠯᠡᠬᠦ ᠰᠡᠳᠬᠢᠴᠡ ᠶᠢᠨ ᠰᠢᠨ᠎ᠡ ᠶᠢ ᠡᠭᠦᠳᠴᠦ᠂ ᠵᠢᠭᠠᠨ ᠰᠤᠷᠭᠠᠯᠲᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠦᠬᠠᠢ ᠶᠢ ᠰᠤᠷᠤᠭᠴᠢᠳ ᠤᠨ ᠰᠤᠷᠭᠠᠭᠤᠯᠢ ᠳᠤ ᠣᠷᠣᠬᠤ ᠶᠢᠨ ᠲᠡᠷᠢᠭᠦᠨ ᠰᠣᠩᠭᠤᠯᠲᠠ ᠶᠢᠨ ᠭᠠᠵᠠᠷ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠰᠢᠨ᠎ᠡ ᠥᠨᠳᠦᠷᠯᠢᠭ᠂ ᠥᠨᠳᠥᠷ ᠬᠡᠪ ᠪᠣᠯᠪᠠᠰᠤᠷᠠᠯ ᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢᠲᠠᠨ ᠤ ᠴᠤᠭᠯᠠᠷᠠᠯ ᠤᠨ ᠭᠠᠵᠠᠷ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠪᠠᠭᠰᠢ ᠶᠢᠨ ᠡᠩᠨᠡᠭᠡ ᠶᠢ ᠢᠮᠠᠭᠲᠠ ᠰᠤᠷᠭᠠᠨ ᠬᠥᠮᠦᠵᠢᠯ ᠤᠨ ᠠᠵᠢᠯ ᠤᠨ ᠪᠠᠲᠤ ᠪᠠᠬᠢ ᠰᠠᠭᠤᠷᠢ ᠪᠣᠯᠭᠠᠵᠤ᠂ ᠥᠷᠭᠡᠨ ᠣᠯᠠᠨ ᠪᠠᠭᠰᠢ ᠨᠠᠷ ᠨᠠᠮ ᠤᠨ ᠲᠥᠯᠥᠭᠡ ᠬᠥᠮᠦᠨ ᠢ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠬᠦ ᠢᠷᠠᠭᠤ ᠠᠯᠳᠠᠷᠲᠤ ᠡᠭᠦᠷᠭᠡ ᠶᠢ ᠦᠨᠡᠨᠬᠦ ᠡᠭᠦᠷᠭᠡᠯᠡᠵᠦ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢᠨ ᠵᠢᠯᠣᠭᠤᠳᠣᠭᠴᠢ ᠪᠠ ᠵᠠᠮᠴᠢᠯᠠᠭᠴᠢ ᠪᠤᠯᠵᠤ᠂ ᠡᠯ᠎ᠡ ᠲᠣᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ︽ᠪᠠᠭᠰᠢ ᠶᠢ ᠬᠦᠨᠳᠦᠯᠡᠬᠦ︾᠎ ᠶᠢ ︽ᠰᠤᠷᠭᠠᠨ ᠬᠥᠮᠦᠵᠢᠯ ᠢ ᠴᠢᠬᠤᠯᠠᠴᠢᠯᠠᠬᠤ︾᠎ ᠶᠢ ᠰᠢᠯᠭᠠᠬᠤ ᠬᠠᠲᠠᠭᠤ ᠬᠦᠢᠴᠡᠳᠭᠡᠯ ᠲᠤᠭ᠎ᠠ ᠪᠣᠯᠭᠠᠵᠤ᠂ ᠪᠠᠭᠰᠢ ᠶᠢᠨ ᠠᠵᠢᠯ ᠢ ᠤᠷᠢᠳᠠᠪᠠᠷ ᠲᠥᠯᠥᠪᠯᠡᠵᠦ᠂ ᠪᠠᠭᠰᠢ ᠶᠢᠨ ᠬᠠᠷᠠᠭᠠᠯᠵᠠᠯ ᠢ ᠤᠷᠢᠳᠠᠪᠠᠷ ᠪᠠᠲᠤᠯᠠᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠬᠡᠷᠡᠭᠴᠡᠭᠡ ᠶᠢ ᠤᠷᠢᠳᠠᠪᠠᠷ ᠬᠠᠩᠭᠠᠵᠤ᠂ ᠪᠠᠭᠰᠢ ᠶᠢᠨ ᠬᠦᠴᠢᠷ ᠶᠠᠪᠤᠳᠠᠯ ᠢ ᠰᠢᠢᠳᠪᠦᠷᠢᠯᠡᠵᠦ᠂ ᠰᠠᠶᠢᠨ ᠶᠠᠪᠤᠳᠠᠯ ᠬᠢᠵᠦ᠂ ᠪᠣᠳᠠᠲᠠᠶ ᠶᠠᠪᠤᠳᠠᠯ ᠬᠢᠵᠦ᠂ ᠪᠠᠭᠰᠢ ᠶᠢ ᠬᠦᠨᠳᠦᠯᠡᠬᠦ ᠡᠷᠬᠢᠮ ᠰᠤᠷᠲᠠᠯ ᠢ ᠬᠡᠪ ᠵᠠᠩᠰᠢᠯ ᠪᠣᠯᠭᠠᠬᠤ ᠬᠡᠷᠡᠭᠲᠡᠶ ᠬᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号