ᠬᠤᠲᠠ ᠲᠣᠭᠤᠷᠢᠭ ᠬᠤᠶᠠᠷ ᠱᠠᠲᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ《ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠎ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠤᠬᠠᠭᠤᠯᠭ᠎ᠠ ᠶᠢᠨ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2021/9/12
     2021 ᠣᠨ ᠤ 9 ᠰᠠᠷ᠎ᠠ ᠶᠢᠨ 11᠎ ᠤ ᠡᠳᠦᠷ᠂ ᠬᠤᠲᠠ ᠲᠣᠭᠤᠷᠢᠭ ᠬᠤᠶᠠᠷ ᠱᠠᠲᠤᠨ ᠤ ᠦᠨᠳᠦᠰᠦᠲᠡᠨ ᠎ ᠤ ᠬᠡᠷᠡᠭ ᠡᠷᠭᠢᠯᠡᠬᠦ ᠵᠥᠪᠯᠡᠯ ᠠᠷᠠᠳ ᠤᠨ ᠴᠡᠴᠡᠷᠯᠢᠭ ᠤᠨ ᠬᠤᠶᠢᠲᠤ ᠡᠭᠦᠳᠡᠨ ᠳᠤ 《 ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ 》᠎ ᠪᠠᠷ ᠭᠤᠤᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠡᠷᠭᠢᠯᠡᠪᠡ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠪᠥᠵᠢᠭ ᠤᠨ ᠲᠣᠭᠯᠠᠯᠲᠠ᠂ ᠳᠠᠭᠤᠤ ᠪᠥᠵᠢᠭ ᠬᠠᠪᠰᠤᠷᠭᠠᠬᠤ᠂ ᠰᠢᠯᠦᠭ ᠤᠶᠠᠩᠭᠠᠯᠠᠬᠤ ᠵᠡᠷᠭᠡ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠬᠡᠯᠪᠡᠷᠢ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠎ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠪᠠᠲᠤ ᠪᠠᠬᠢ ᠪᠣᠶ ᠪᠣᠯᠭᠠᠵᠤ᠂ 《 ᠭᠤᠷᠪᠠᠨ ᠰᠠᠯᠵᠤ ᠴᠢᠳᠠᠬᠤ ᠥᠬᠡᠶ 》 《 ᠲᠠᠪᠤᠨ ᠬᠠᠮᠲᠤ ᠶᠢᠨ ᠲᠠᠨᠢᠯᠲᠠ 》᠎ ᠶᠢ ᠦᠨᠳᠦᠰᠦᠲᠡᠨ ᠨᠦᠭᠦᠳ ᠎ ᠤᠨ ᠣᠯᠠᠨ ᠲᠦᠮᠡᠨ ᠤ ᠰᠡᠳᠬᠢᠯ ᠳᠤ ᠭᠦᠨ ᠬᠠᠳᠠᠩᠰᠢᠭᠤᠯᠪᠠ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠎ ᠨᠢ ᠦᠨᠳᠦᠰᠦᠲᠡᠨ ᠨᠦᠭᠦᠳ ᠤᠨ 300 ᠭᠠᠷᠤᠶ ᠣᠯᠠᠨ ᠲᠦᠮᠡᠨ ᠤ ᠠᠩᠬᠠᠷᠤᠯ ᠢ ᠲᠠᠲᠠᠵᠤ᠂ ᠨᠡᠶᠢᠲᠡ 1000 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠵᠢᠴᠢ ᠤᠬᠠᠭᠤᠯᠭ᠎ᠠ ᠶᠢᠨ ᠤᠭᠤᠲᠠ ᠲᠠᠷᠬᠠᠭᠠᠪᠠ᠃      ᠡᠨᠡ ᠵᠢᠯ ᠤᠨ 9 ᠰᠠᠷ᠎ᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 38 ᠳ᠋ᠤᠭᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠣᠯᠤᠨ᠎ᠠ᠂ ᠪᠢᠳᠡ ᠣᠯᠠᠨ ᠬᠡᠯᠪᠡᠷᠢ ᠶᠠᠩᠵᠤ ᠎ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠶᠢ ᠥᠷᠭᠡᠨ ᠢᠶᠠᠷ ᠤᠬᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠦᠯᠬᠦᠮᠳᠡᠯ ᠎ ᠢᠶᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠠᠶᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号