ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2021 ᠣᠨ ᠤ 17 ᠳ᠋ᠤᠭᠠᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠪᠠ ᠶᠠᠩ ᠶᠢᠨ ᠬᠤᠷᠠᠯ ᠡᠷᠬᠢᠯᠡᠵᠤ ᠶᠠᠷᠢᠶ᠎ᠠ ᠲᠠᠯᠪᠢᠪᠡ
ᠨᠡᠶᠢᠲᠡᠯᠡᠭᠰᠡᠨ ᠴᠠᠭ᠄
2021/9/2
     8 ᠰᠠᠷ᠎ᠠ ᠶᠢᠨ 31᠎ ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠳᠠ ᠶᠢᠨ ᠳᠠᠷᠤᠭ᠎ᠠ ᠶᠠᠩ ᠶᠢᠨ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2021 ᠣᠨ ᠤ 17 ᠳ᠋ᠤᠭᠠᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠪᠣᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠾᠧᠪᠸᠢ ᠶᠢᠨ ᠴᠧᠩᠳᠧ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠾᠧᠪᠸᠢ ᠶᠢᠨ ᠴᠧᠩᠳᠧ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠠᠭᠤᠯᠤᠭᠳᠠᠬᠤᠨ ᠨᠢ ᠪᠠᠶᠠᠯᠢᠭ᠂ ᠱᠠᠭᠠᠷᠳᠠᠯᠭ᠎ᠠ ᠨᠢ ᠲᠣᠳᠣᠷᠬᠠᠢ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷ ᠲᠠᠢ ᠶᠤᠮ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠵᠤ᠂ ᠨᠠᠮ ᠤᠨ ᠦᠨᠳᠦᠰᠦᠲᠡᠨ ᠤ ᠤᠨᠤᠯ ᠪᠣᠯᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠥᠮᠦᠨ ᠠᠮᠠ ᠶᠢᠨ ᠨᠠᠰᠤᠵᠢᠯᠲᠠ ᠶᠢᠨ ᠬᠠᠨᠳᠤᠰᠢ ᠶᠢ ᠢᠳᠡᠪᠬᠢᠲᠡᠢ ᠠᠷᠭᠠᠴᠠᠭᠠᠵᠤ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠦᠬᠠᠢ ᠳᠤ ᠦᠨᠳᠦᠰᠦ ᠬᠠᠳᠬᠤᠵᠤ᠂ ᠴᠡᠴᠡᠭᠯᠡᠨ ᠵᠢᠮᠢᠰᠯᠡᠬᠦ ᠶᠢ ᠪᠠᠲᠤᠯᠠᠬᠤ ᠬᠡᠷᠡᠭᠲᠡᠢ ᠬᠡᠵᠡᠢ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠲᠡᠭᠦᠨ ᠤ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠠᠶᠠᠨ ᠠᠴᠠ ᠣᠳᠣᠬᠢ ᠱᠠᠲᠤᠨ ᠤ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠪᠣᠯᠤᠨ ᠴᠢᠬᠤᠯᠠ ᠡᠭᠦᠷᠭᠡ ᠶᠢ ᠡᠵᠡᠮᠳᠡᠵᠦ᠂ ᠨᠠᠮ ᠤᠨ ᠦᠨᠳᠦᠰᠦᠲᠡᠨ ᠤ ᠤᠨᠤᠯ ᠪᠣᠯᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠡᠨᠡᠬᠦ ᠭᠤᠣᠯ ᠰᠢᠵᠢᠮ ᠢ ᠢᠮᠠᠭᠲᠠ ᠦᠨᠳᠦᠰᠦᠲᠡᠨ ᠤ ᠠᠵᠢᠯ ᠤᠨ ᠪᠦᠬᠦ ᠶᠠᠪᠤᠴᠠ ᠪᠦᠬᠦ ᠬᠦᠷᠢᠶᠡᠨ ᠳᠤ ᠲᠤᠤᠱᠯᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾᠎ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠰᠠᠶᠢᠲᠤᠷ ᠠᠳᠬᠤᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠬᠤ ᠬᠡᠷᠡᠭᠲᠡᠢ ᠬᠡᠵᠡᠢ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠵᠤᠷᠢᠭ ᠰᠠᠨᠠᠭ᠎ᠠ ᠶᠢ ᠣᠯᠠᠮᠵᠢᠯᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠡᠭᠦᠷᠭᠡᠯᠡᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ︽ᠬᠤᠶᠠᠷ ᠥᠨᠳᠥᠷ︾ ᠲᠦᠷᠦᠯ ᠵᠦᠢᠯ ᠤᠨ ᠰᠣᠬᠤᠷ ᠪᠠᠯᠠᠢ ᠪᠠᠷ ᠬᠥᠭᠵᠢᠬᠦ ᠶᠢ ᠬᠤᠷᠢᠭᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠨ ᠪᠣᠳᠠᠲᠠᠢ ᠠᠳᠬᠤᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ ᠬᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号