ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠢ ᠰᠡᠷᠭᠡᠶᠢᠯᠡᠨ | ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠬᠠᠷᠢᠶᠠᠲᠤ ᠣᠷᠣᠨ ᠤ ᠪᠠᠶᠢᠩᠭᠤ ᠶᠢᠨ ᠴᠢᠨᠠᠷᠲᠠᠶ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠬᠦ ᠶᠢ ᠪᠠᠲᠤᠯᠠᠬᠤ ᠶᠢᠨ ᠲᠥᠯᠥᠭᠡ᠂ 2022 ᠣᠨ ᠤ 1 | ᠰᠠᠷ᠎ᠠ ᠶᠢᠨ 12 ᠤᠨ ᠡᠳᠦᠷ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠣᠰᠣᠭᠠᠷ᠂ ᠰᠢᠨ ᠬᠠᠶ ᠨᠡᠶᠢᠭᠡᠮ | ᠲᠣᠭᠤᠷᠢᠭ ᠲᠤ ᠴᠥᠮ᠎ᠡ ᠶᠢᠨ ᠪᠥᠭᠡᠮ ᠬᠦᠴᠢᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠪᠡ᠃ | ᠲᠣᠰ ᠤᠳᠠᠭᠠᠨ ᠤ ᠪᠥᠭᠡᠮ ᠬᠦᠴᠢᠯ ᠤᠨ ᠰᠣᠷᠢᠯᠲᠠ ᠳᠤ ᠨᠡᠶᠢᠭᠡᠮ ᠲᠣᠭᠤᠷᠢᠭ ᠤᠨ ᠬᠢᠨ ᠠᠷᠠᠳ ᠲᠦᠮᠡᠨ ᠳᠤ | ᠤᠶᠢᠯᠡᠴᠢᠯᠡᠬᠦ᠂ ᠠᠷᠠᠳ ᠲᠦᠮᠡᠨ ᠳᠤ ᠲᠥᠬᠦᠮ ᠦᠵᠡᠭᠦᠯᠬᠦ ᠦᠵᠡᠯ ᠰᠠᠨᠠᠭ᠎ᠠ ᠪᠠᠷ ᠳ᠋ᠢ ᠱᠦᠢ ᠵᠢᠵᠢᠭ | ᠲᠣᠭᠤᠷᠢᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠡᠭ ᠪᠠ ᠳ᠋ᠢᠶᠠᠨ ᠯᠢ ᠬᠤᠸᠠ ᠶᠤᠸᠠᠨ ᠵᠢᠵᠢᠭ | ᠲᠣᠭᠤᠷᠢᠭ ᠤᠨ ᠪᠥᠭᠡᠮ ᠬᠦᠴᠢᠯ ᠤᠨ ᠬᠢᠨᠠᠨ ᠬᠡᠮᠵᠢᠬᠦ ᠴᠡᠭ ᠢ ᠨᠡᠭᠡᠭᠡᠵᠡᠶ᠃ ᠲᠣᠰ ᠤᠳᠠᠭᠠᠨ ᠤ ᠪᠥᠭᠡᠮ ᠬᠦᠴᠢᠯ ᠤᠨ | ᠰᠣᠷᠢᠯᠲᠠ ᠶᠢ ᠪᠥᠬᠦ ᠲᠠᠯ᠎ᠠ ᠪᠠᠷ ᠰᠠᠶᠢᠲᠤᠷ ᠬᠢᠬᠦ ᠶᠢᠨ ᠲᠥᠯᠥᠭᠡ᠂ ᠰᠢᠨ ᠬᠠᠶ ᠨᠡᠶᠢᠭᠡᠮ ᠲᠣᠭᠤᠷᠢᠭ ᠤᠨ ᠬᠢᠨ | ᠪᠡᠯᠡᠳᠬᠡᠯ ᠠᠵᠢᠯ ᠢ ᠤᠷᠢᠳᠴᠢᠯᠠᠨ ᠥᠷᠨᠢᠭᠦᠯᠵᠦ᠂ ᠥᠯᠢᠭᠡᠷ ᠠᠪᠬᠤ ᠴᠡᠭ ᠪᠠᠶᠢᠭᠤᠯᠤᠨ᠂ ᠡᠳ᠋ ᠪᠣᠳᠠᠰ ᠤᠨ | ᠪᠡᠯᠡᠳᠬᠡᠯ᠂ ᠠᠵᠢᠯᠲᠠᠨ ᠤ ᠲᠣᠬᠢᠷᠠᠭᠤᠯᠤᠯᠲᠠ ᠶᠢ ᠴᠥᠮ ᠤᠷᠢᠳᠴᠢᠯᠠᠨ ᠪᠠᠶᠢᠷᠢᠯᠠᠭᠤᠯᠵᠤ᠂ ᠦᠳᠡ ᠶᠢᠨ ᠡᠮᠦᠨᠡᠬᠢ | ᠶᠢᠰᠦᠨ ᠴᠠᠭ ᠲᠤ ᠪᠥᠭᠡᠮ ᠬᠦᠴᠢᠯ ᠤᠨ ᠰᠣᠷᠢᠯᠲᠠ ᠶᠢᠨ ᠠᠵᠢᠯ ᠢ ᠴᠠᠭ ᠲᠠᠭᠠᠨ ᠥᠷᠨᠢᠭᠦᠯᠪᠡ᠃ | ᠲᠣᠰ ᠤᠳᠠᠭᠠᠨ ᠤ ᠪᠥᠭᠡᠮ ᠬᠦᠴᠢᠯ ᠤᠨ ᠰᠣᠷᠢᠯᠲᠠ ᠶᠢ ᠦᠳᠡ ᠶᠢᠨ ᠡᠮᠦᠨᠡᠬᠢ ᠶᠢᠰᠦᠨ ᠴᠠᠭ ᠠᠴᠠ | ᠦᠳᠡ ᠶᠢᠨ ᠬᠤᠶᠢᠨᠠᠬᠢ ᠵᠢᠷᠭᠤᠭᠠᠨ ᠴᠠᠭ ᠲᠤ ᠳᠠᠭᠤᠰᠬᠠᠨ᠎ᠠ᠃ ᠪᠥᠭᠡᠮ ᠬᠦᠴᠢᠯ ᠤᠨ ᠰᠣᠷᠢᠯᠲᠠ ᠶᠢᠨ ᠮᠡᠳᠡᠭᠳᠡᠯ ᠢ | ᠴᠦ ᠨᠢᠭᠡ ᠡᠳᠦᠷ ᠤᠨ ᠡᠮᠦᠨ᠎ᠡ ᠰᠠᠭᠤᠭᠠᠯᠢ ᠠᠷᠠᠳ ᠤᠨ ᠪᠦᠯᠦᠭ ᠪᠠ ᠠᠵᠢᠯ ᠤᠨ ᠪᠦᠯᠦᠭ ᠲᠤ ᠳᠠᠮᠵᠢᠭᠤᠯᠤᠨ | ᠲᠠᠷᠬᠠᠭᠠᠭᠰᠠᠨ ᠪᠥᠭᠡᠳ ᠰᠠᠭᠤᠭᠠᠯᠢ ᠠᠷᠠᠳ ᠤᠨ ᠲᠣᠭᠤᠷᠢᠭ ᠤᠨ ᠯᠠᠪᠠᠷ ᠢ ᠠᠰᠢᠭᠯᠠᠨ ᠬᠠᠷᠢᠶ᠎ᠠ ᠣᠷᠣᠨ ᠳᠠᠭᠠᠨ | ᠤᠬᠠᠭᠤᠯᠭ᠎ᠠ ᠬᠢᠵᠦ᠂ ᠰᠠᠭᠤᠭᠠᠯᠢ ᠠᠷᠠᠳ ᠨᠢᠭᠡᠪᠦᠷᠢ ᠳᠤ ᠪᠥᠭᠡᠮ ᠬᠦᠴᠢᠯ ᠤᠨ ᠪᠠᠶᠢᠴᠠᠭᠠᠯᠲᠠ ᠶᠢᠨ ᠱᠠᠭᠠᠷᠳᠠᠯᠭ᠎ᠠ᠂ | ᠴᠠᠭ ᠪᠠ ᠣᠷᠣᠨ ᠪᠠᠶᠢᠷᠢ ᠶᠢ ᠣᠶᠢᠯᠠᠭᠠᠭᠤᠯᠤᠭᠰᠠᠨ ᠪᠠᠶᠢᠨ᠎ᠠ᠃ | ᠲᠣᠰ ᠤᠳᠠᠭᠠᠨ ᠤ ᠴᠥᠮ᠎ᠡ ᠶᠢᠨ ᠬᠦᠴᠢᠯ ᠤᠨ ᠰᠣᠷᠢᠯᠲᠠ ᠪᠠᠷ ᠳᠡᠮᠵᠢᠨ᠂ ᠦᠨᠳᠦᠰᠦᠨ ᠱᠠᠲᠤᠨ ᠤ | ᠠᠵᠢᠯᠲᠠᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠰᠢᠯᠭᠠᠨ ᠪᠠᠶᠢᠴᠠᠭᠠᠵᠤ᠂ ᠪᠠᠰᠠ ᠰᠢᠨ᠎ᠡ ᠴᠥᠮ᠎ᠡ ᠶᠢᠨ | ᠬᠦᠴᠢᠯ ᠤᠨ ᠪᠠᠶᠢᠴᠠᠭᠠᠨ ᠰᠢᠯᠭᠠᠬᠤ ᠰᠢᠰᠲ᠋ᠧᠮ ᠳᠤ ᠣᠶᠢᠯᠠᠭᠠᠯᠲᠠ ᠪᠠ ᠪᠣᠳᠠᠲᠠᠶ ᠪᠣᠯᠪᠠᠰᠤᠷᠠᠯ ᠬᠢᠵᠦ᠂ ᠴᠥᠮ᠎ᠡ ᠶᠢᠨ | ᠬᠦᠴᠢᠯ ᠤᠨ ᠪᠠᠶᠢᠴᠠᠭᠠᠨ ᠰᠢᠯᠭᠠᠬᠤ ᠶᠠᠪᠤᠴᠠ ᠶᠢ ᠨᠠᠷᠢᠯᠢᠬᠵᠢᠭᠤᠯᠤᠨ᠂ ᠴᠥᠮ᠎ᠡ ᠶᠢᠨ ᠬᠦᠴᠢᠯ ᠤᠨ ᠪᠠᠶᠢᠴᠠᠭᠠᠨ | ᠰᠢᠯᠭᠠᠬᠤ ᠠᠵᠢᠯ ᠳᠤ ᠣᠷᠣᠯᠴᠠᠭᠰᠠᠨ ᠠᠵᠢᠯᠲᠠᠨ ᠨᠢᠭᠡᠪᠦᠷᠢ ᠳᠤ ᠥᠪᠡᠷ ᠤᠨ ᠠᠵᠢᠯ ᠤᠨ ᠪᠠᠶᠢᠷᠢ ᠪᠠ | ᠬᠠᠷᠢᠭᠤᠴᠠᠯᠭ᠎ᠠ ᠪᠠᠨ ᠲᠣᠳᠣᠷᠬᠠᠶ ᠪᠣᠯᠭᠠᠵᠤ᠂ ᠬᠤᠶᠢᠰᠢᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠠᠵᠢᠯ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | |