ᠬᠥᠳᠡᠯᠮᠦᠷᠢ ᠶᠢᠨ ᠪᠢᠴᠢᠬᠠᠨ ᠴᠢᠳᠠᠪᠤᠷᠢᠲᠠᠨ ᠨᠠᠷ ᠢ ᠮᠠᠭᠲᠠᠨ ᠰᠠᠶᠢᠰᠢᠶᠠᠶ᠎ᠠ︕
ᠨᠡᠶᠢᠲᠡᠯᠡᠭᠰᠡᠨ ᠴᠠᠭ᠄
2022/1/14
      ᠵᠠᠯᠠᠭᠤᠴᠤᠳ ᠪᠠᠭᠠᠴᠤᠳ ᠤᠨ ᠬᠥᠳᠡᠯᠮᠦᠷᠢ ᠶᠢ ᠡᠷᠬᠢᠮᠯᠡᠬᠦ᠂ ᠬᠥᠳᠡᠯᠮᠦᠷᠢ ᠶᠢ ᠬᠦᠨᠳᠦᠳᠬᠡᠬᠦ ᠶᠢ ᠬᠥᠮᠦᠵᠢᠭᠦᠯᠦᠨ ᠬᠥᠲᠥᠯᠥᠨ ᠵᠢᠯᠣᠭᠤᠳᠴᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠠᠶᠢᠨ ᠰᠠᠶᠢᠬᠠᠨ ᠶᠣᠰᠣ ᠮᠣᠷᠠᠯ ᠢ ᠨᠡᠩ ᠰᠠᠶᠢᠲᠤᠷ ᠤᠯᠠᠮᠵᠢᠯᠠᠨ ᠵᠠᠯᠭᠠᠮᠵᠢᠯᠠᠬᠤ ᠶᠢᠨ ᠲᠥᠯᠥᠭᠡ  ᠂ 1 ᠰᠠᠷ᠎ᠠ ᠶᠢᠨ 10᠎ ᠤ ᠡᠳᠦᠷ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠮᠦᠸᠧ ᠰᠢᠶᠠᠩ ᠯᠢ ᠶᠤᠸᠠᠨ ᠨᠡᠶᠢᠭᠡᠮ ᠲᠣᠭᠤᠷᠢᠭ ᠤᠨ ᠬᠢᠨ ᠬᠠᠶᠢᠷᠤᠪ ᠤᠨ ᠲᠤᠬᠤᠢ ᠲᠣᠭᠤᠷᠢᠭ ᠤᠨ ᠨᠠᠢᠮᠠᠳᠤᠭᠠᠷ ᠪᠠᠭ᠎ᠠ ᠰᠤᠷᠭᠠᠭᠤᠯᠢ ᠲᠠᠢ ᠬᠠᠮᠲᠤᠷᠠᠨ ︽ᠪᠢ ᠪᠣᠯ ᠬᠥᠳᠡᠯᠮᠦᠷᠢ ᠶᠢᠨ ᠴᠢᠳᠠᠪᠤᠷᠢᠲᠠᠨ︾ ᠭᠡᠬᠦ ᠭᠤᠣᠯ ᠰᠡᠳᠦᠪᠲᠦ ᠬᠥᠳᠡᠯᠮᠦᠷᠢ ᠶᠢᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠡᠢ᠃
     ᠠᠵᠢᠯᠯᠠᠭ᠎ᠠ ᠶᠢᠨ ᠳᠤᠮᠳᠠ᠂ ᠬᠠᠮᠲᠤ ᠰᠤᠷᠤᠭᠴᠢᠳ ᠬᠥᠳᠡᠯᠮᠦᠷᠢ ᠶᠢᠨ ᠪᠢᠴᠢᠬᠠᠨ ᠴᠢᠳᠠᠪᠤᠷᠢᠲᠠᠨ ᠪᠣᠯᠬᠤ ᠪᠠᠷ ᠴᠢᠷᠮᠠᠶᠢᠵᠤ᠂ ᠬᠦᠴᠢᠷ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ ᠵᠣᠷᠢᠭ ᠰᠠᠨᠠᠭ᠎ᠠ ᠪᠠᠨ ᠪᠠᠳᠠᠷᠠᠭᠤᠯᠪᠠ᠃
     ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠬᠡᠷ ᠤᠨ ᠠᠬᠠᠮᠠᠳ ᠨᠠᠶᠢᠵᠠ ᠨᠠᠷ ᠢᠯᠡᠷᠬᠡᠶᠢᠯᠡᠬᠦ ᠳᠡᠭᠡᠨ᠂ ᠵᠣᠬᠢᠰᠲᠠᠶ ᠬᠥᠳᠡᠯᠮᠦᠷᠢᠯᠡᠪᠡᠯ ᠵᠠᠯᠠᠭᠤᠴᠤᠳ ᠪᠠᠭᠠᠴᠤᠳ ᠤᠨ ᠣᠶᠤᠨ ᠤᠬᠠᠭᠠᠨ ᠪᠠ ᠬᠡᠤᠬᠡᠳ ᠤᠨ ᠪᠡᠶ᠎ᠡ ᠮᠠᠬᠠᠪᠣᠳ ᠢ ᠴᠢᠭᠢᠷᠠᠭᠵᠢᠭᠤᠯᠵᠤ᠂ ᠲᠡᠳᠡᠨ ᠤ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠬᠥᠮᠦᠵᠢᠭᠦᠯᠵᠦ᠂ ᠬᠡᠤᠬᠡᠳ ᠤᠨ ᠢᠲᠡᠭᠡᠯ ᠵᠣᠷᠢᠭ ᠢ ᠳᠡᠭᠡᠭᠰᠢᠯᠡᠭᠦᠯᠵᠦ ᠴᠢᠳᠠᠨ᠎ᠠ ᠭᠡᠵᠡᠶ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号