ᠹᠧᠩ ᠬᠤᠸᠠᠩ ᠯᠢᠩ ᠵᠡᠭᠡᠯᠢ ᠭᠤᠳᠤᠮᠵᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠬᠤ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2022/1/14
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠢᠨᠠᠷ ᠰᠠᠶᠢᠲᠠᠢ᠂ ᠰᠠᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠶᠢᠨ ᠲᠥᠯᠥᠭᠡ 1 ᠰᠠᠷ᠎ᠠ ᠶᠢᠨ 10᠎ ᠤ ᠡᠳᠦᠷ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠭᠤᠯᠪᠠ᠃
     ᠬᠤᠷᠠᠯ ᠠᠴᠠ ︽ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠶᠢᠨ ᠲᠤᠷᠰᠢᠯᠭ᠎ᠠ ᠶᠢ ᠪᠠᠷᠢᠮᠲᠠᠯᠠᠨ ᠬᠥᠭᠵᠢᠭᠦᠯᠵᠦ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠵᠤᠵᠠᠭᠠᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠠᠷᠠᠳ ᠤᠯᠠᠨ ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠠᠶᠠᠨᠴᠢᠳ ᠤᠨ ᠵᠠᠮ ᠢᠶᠠᠷ ᠰᠠᠶᠢᠲᠤᠷ ᠵᠠᠮᠨᠠᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ᠂ ᠵᠡᠭᠡᠯᠢ ᠭᠤᠳᠤᠮᠵᠢ ᠶᠢᠨ ᠡᠯ᠎ᠡ ᠰᠠᠯᠠᠭ᠎ᠠ ᠲᠠᠰᠤᠭ᠂ ᠡᠯ᠎ᠡ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠤᠯᠠᠨ ᠲᠦᠮᠡᠨ ᠤ ᠵᠡᠭᠡᠯᠢ ᠭᠤᠳᠤᠮᠵᠢ ᠶᠢᠨ ᠤᠳᠤᠷᠢᠳᠬᠤ ᠪᠠᠭ ᠪᠣᠯᠤᠨ ᠤᠳᠤᠷᠢᠳᠬᠤ ᠪᠠᠭ ᠤᠨ ᠪᠦᠷᠢᠯᠳᠦᠬᠦᠨ ᠤ ᠲᠤᠬᠠᠢ ᠰᠠᠨᠠᠯ ᠰᠠᠨᠠᠭᠤᠯᠭ᠎ᠠ ᠶᠢ ᠪᠦᠬᠦ ᠲᠠᠯ᠎ᠠ ᠪᠠᠷ ᠰᠣᠨᠣᠰᠤᠨ᠎ᠠ᠃ ᠬᠤᠷᠠᠯ ᠳᠤ ᠣᠷᠣᠯᠴᠠᠭᠰᠠᠳ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠯᠴᠠᠵᠤ᠂ ᠬᠤᠷᠠᠯ ᠤᠨ ᠲᠠᠯᠠᠪᠠᠢ ᠶᠢᠨ ᠠᠭᠤᠷ ᠠᠮᠢᠰᠬᠤᠯ ᠡᠶ᠎ᠡ ᠨᠠᠶᠢᠷᠲᠠᠢ ᠪᠠᠶᠢᠵᠤ᠂ ᠤᠯᠠᠨ ᠢᠶᠠᠷ ᠢᠶᠠᠨ ᠬᠦᠷ ᠬᠥᠭᠵᠢᠶᠡᠨ ᠲᠠᠢ ᠶᠠᠷᠢᠯᠴᠠᠪᠠ᠃
   ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠬᠤᠷᠢᠶ᠎ᠠ ᠶᠢᠨ ᠱᠦᠵᠢ ᠭᠦᠸᠧ ᠵᠧᠨ ᠠᠢ ᠱᠠᠭᠠᠷᠳᠠᠭᠰᠠᠨ ᠨᠢ᠂ ᠬᠤᠷᠢᠶᠠᠵᠤ ᠣᠯᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠴᠤᠭᠯᠠᠭᠤᠯᠤᠨ ᠡᠮᠬᠢᠳᠬᠡᠵᠦ᠂ ᠪᠦᠬᠦᠨ ᠢ ᠤᠳᠤᠷᠢᠳᠬᠤ ᠪᠠᠭ ᠵᠢᠴᠢ ᠤᠳᠤᠷᠢᠳᠬᠤ ᠪᠠᠭ ᠤᠨ ᠪᠦᠷᠢᠯᠳᠦᠬᠦᠨ ᠤ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠳᠤ ᠣᠷᠣᠭᠤᠯᠤᠨ ᠭᠦᠨᠵᠡᠭᠡᠢ ᠵᠠᠳᠠᠯᠤᠨ ᠰᠢᠨᠵᠢᠯᠡᠵᠦ᠂ ᠵᠦᠢᠯ ᠳᠠᠷᠠᠭᠠᠯᠠᠨ ᠲᠣᠭᠠᠯᠠᠨ ᠪᠦᠷᠢᠳᠬᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠵᠡᠭᠡᠯᠢ ᠭᠤᠳᠤᠮᠵᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ  ᠭᠡᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号