ᠹᠧᠩ ᠬᠤᠸᠠᠩ ᠯᠢᠩ ᠵᠡᠭᠡᠯᠢ ᠭᠤᠳᠤᠮᠵᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2022/1/14
  ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠲᠥᠯᠥᠭᠡ᠂ 1 ᠰᠠᠷ᠎ᠠ ᠶᠢᠨ 13᠎ ᠤ ᠡᠳᠦᠷ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨ᠎ᠡ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠷᠠᠯ ᠢ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ  ᠎ ᠶᠢᠨ ᠱᠦᠵᠢ ᠭᠦᠸᠧ ᠵᠧᠨ ᠠᠢ ᠡᠷᠬᠢᠯᠡᠵᠦ᠂ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃
   ᠬᠤᠷᠠᠯ ᠳᠡᠭᠡᠷ᠎ᠡ ᠤᠯᠠᠨ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ ᠢ ᠲᠥᠪᠯᠡᠷᠡᠭᠦᠯᠦᠨ ᠰᠤᠷᠤᠯᠴᠠᠵᠠᠢ᠃ ᠪᠦᠬᠦ ᠤᠳᠤᠷᠢᠳᠬᠤ ᠪᠠᠭ ᠤᠨ ᠪᠦᠷᠢᠯᠳᠦᠬᠦᠨ ᠨᠡᠷ ᠲᠤᠰ ᠤᠳᠠᠭ᠎ᠠ ᠶᠢᠨ ᠬᠤᠷᠠᠯ ᠤᠨ ᠭᠤᠣᠯ ᠰᠡᠳᠦᠪ ᠲᠠᠬᠢ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠪᠠᠷᠢᠮᠲᠠᠯᠠᠨ ᠬᠥᠭᠵᠢᠭᠦᠯᠵᠦ᠂ ᠠᠷᠠᠳ ᠤᠯᠠᠨ ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠰᠢᠯᠭᠠᠯᠲᠠ ᠶᠢᠨ ᠵᠠᠮ ᠢᠶᠠᠷ ᠰᠠᠶᠢᠲᠤᠷ ᠵᠠᠮᠨᠠᠭᠰᠠᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠳᠡᠰ ᠳᠠᠷᠠᠭ᠎ᠠ ᠲᠠᠢ ᠪᠠᠷ ᠬᠤᠪᠢᠶᠠᠯᠴᠠᠨ᠎ᠠ᠃    ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨ᠎ᠡ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠢ ᠠᠮᠵᠢᠯᠲᠠ ᠲᠠᠢ ᠥᠷᠨᠢᠭᠦᠯᠦᠭᠰᠡᠨ ᠨᠢ ᠪᠦᠬᠦ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠵᠠᠭᠤᠨ ᠵᠢᠯ ᠤᠨ ᠨᠠᠮ ᠤᠨ ᠲᠡᠦᠬᠡ ᠶᠢᠨ ᠪᠣᠳᠠᠲᠠᠢ ᠠᠵᠢᠯ ᠢ ᠵᠢᠯᠣᠭᠤᠳᠬᠤ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠬᠤᠶᠢᠰᠢᠳᠠ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠢᠨ᠎ᠡ ᠴᠠᠭ ᠦᠶ᠎ᠡ ᠶᠢᠨ ᠠᠷᠠᠳ ᠤᠯᠠᠨ ᠤ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠲᠤᠰᠢᠶᠠᠬᠤ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号