ᠪᠦᠬᠦ ᠴᠠᠷᠠᠭᠠᠨ ᠤ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ ᠤ ᠨᠡᠷᠡᠰ ᠢ ᠨᠡᠶᠢᠲᠡᠯᠡᠵᠦ᠂ ᠬᠠᠶᠢᠷᠤᠪ ᠤᠨ ᠲᠤᠬᠤᠢ ᠨᠡᠷᠡᠰ ᠤᠨ ᠵᠢᠭᠰᠠᠭᠠᠯᠲᠠ ᠳᠤ ᠣᠷᠣᠵᠠᠢ︕
ᠨᠡᠶᠢᠲᠡᠯᠡᠭᠰᠡᠨ ᠴᠠᠭ᠄
2022/1/15
     ᠥᠪᠥᠷ ᠮᠣᠩᠭᠤᠯ ᠤᠨ ᠰᠣᠶᠣᠯ ᠵᠤᠭᠠᠴᠠᠯ ᠤᠨ ᠲᠢᠩᠬᠢᠮ ᠤᠨ ᠮᠡᠳᠡᠭᠡ ᠶᠢ ᠦᠨᠳᠦᠰᠦᠯᠡᠪᠡᠯ᠂ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠰᠣᠶᠣᠯ ᠵᠤᠭᠠᠴᠠᠯ ᠤᠨ ᠲᠢᠩᠬᠢᠮ ᠭᠤᠷᠪᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠪᠦᠬᠦ ᠴᠠᠷᠠᠭᠠᠨ ᠤ ᠵᠤᠭᠠᠴᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠦᠨᠡᠯᠡᠨ ᠲᠣᠭᠲᠠᠭᠠᠬᠤ ᠠᠵᠢᠯ ᠢ ᠥᠷᠨᠢᠭᠦᠯᠵᠦ᠂ ᠲᠤᠰ ᠤᠳᠠᠭᠠᠨ ᠤ ᠰᠢᠯᠭᠠᠷᠠᠭᠤᠯᠤᠯᠲᠠ ᠳᠤ ᠨᠡᠶᠢᠲᠡ 11 ᠭᠠᠵᠠᠷ ᠤᠨ ᠬᠢᠨ ᠰᠣᠩᠭᠤᠭᠳᠠᠵᠠᠶ᠂ ᠲᠣᠰ ᠲᠣᠰ᠄ ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ᠂ ᠬᠥᠬᠡᠬᠤᠲᠠ ᠶᠢᠨ ᠲᠦᠮᠡᠳ ᠵᠡᠭᠦᠨ ᠬᠤᠰᠢᠭᠤ᠂ ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤ᠂ ᠪᠤᠭᠤᠲᠤ ᠬᠤᠲᠠ ᠶᠢᠨ ᠱᠢ ᠭᠤᠸᠠᠶ ᠲᠣᠭᠤᠷᠢᠭ᠂ ᠬᠢᠩᠭᠠᠨ ᠠᠶᠢᠮᠠᠭ ᠤᠨ ᠤᠯᠠᠭᠠᠨᠬᠤᠲᠠ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠳᠤᠮᠳᠠᠳᠤ ᠬᠤᠰᠢᠭᠤ᠂ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤ᠂ ᠤᠯᠠᠭᠠᠨᠬᠠᠳᠠ ᠬᠤᠲᠠ ᠶᠢᠨ ᠨᠢᠩᠴᠧᠩ ᠰᠢᠶᠠᠨ᠂ ᠤᠯᠠᠭᠠᠨᠴᠠᠪ ᠬᠤᠲᠠ ᠶᠢᠨ ᠵᠢᠨᠢᠩ ᠲᠣᠭᠤᠷᠢᠭ᠂ ᠰᠢᠯᠢ ᠶᠢᠨ ᠭᠤᠤᠯ ᠠᠶᠢᠮᠠᠭ ᠤᠨ ᠤᠯᠠᠭᠠᠶ ᠬᠠᠮᠢᠶᠠᠷᠤᠯᠲᠠ ᠶᠢᠨ ᠲᠣᠭᠤᠷᠢᠭ᠂ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤ ᠪᠣᠯᠤᠨ᠎ᠠ᠃
         ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠨᠢ ᠨᠢᠩᠰᠢᠶᠠ ᠥᠪᠥᠷ ᠮᠣᠩᠭᠤᠯ ᠤᠨ ᠠᠭᠤᠯᠵᠠᠷ ᠲᠤ ᠪᠠᠶᠢᠷᠢᠯᠠᠵᠤ᠂ ᠵᠡᠭᠦᠨᠰᠢ ᠪᠠᠨ ᠤᠷᠳᠤᠰ ᠲᠠᠢ ᠬᠥᠷᠰᠢᠯᠡᠵᠦ᠂ ᠪᠠᠷᠠᠭᠤᠨᠰᠢ ᠪᠠᠨ ᠠᠯᠠᠱᠠ ᠲᠠᠢ ᠬᠥᠷᠰᠢᠯᠡᠵᠦ᠂ ᠡᠮᠦᠨᠡᠰᠢ ᠪᠠᠨ ᠨᠢᠩᠰᠢᠶᠠ ᠲᠠᠢ ᠵᠠᠯᠭᠠᠯᠳᠤᠵᠤ᠂ ᠤᠮᠠᠷᠠᠰᠢ ᠪᠣᠷᠣᠲᠣᠬᠤᠢ ᠶᠢᠨ ᠲᠠᠯ᠎ᠠ ᠭᠠᠵᠠᠷ ᠲᠠᠢ ᠨᠡᠪᠳᠡᠷᠡᠵᠦ᠂ ᠤᠮᠠᠷᠠᠲᠤ ᠣᠷᠣᠨ ᠠᠴᠠ ᠪᠠᠷᠠᠭᠤᠨ ᠬᠤᠶᠢᠲᠤ ᠣᠷᠣᠨ ᠳᠤ ᠨᠡᠪᠲᠡᠷᠡᠬᠦ ᠭᠤᠣᠯ ᠨᠡᠪᠲᠡᠷᠡᠬᠦ ᠵᠠᠮ ᠤᠨ ᠨᠢᠭᠡ ᠂ ᠥᠪᠥᠷ ᠮᠣᠩᠭᠤᠯ ᠤᠨ ᠪᠠᠷᠠᠭᠤᠨ ᠡᠮᠦᠨᠡᠲᠦ ᠶᠢᠨ ᠡᠭᠦᠳᠡ ᠡᠷᠦᠬᠡ ᠪᠣᠯᠤᠨ ᠭᠤᠣᠯ ᠪᠣᠯᠬᠤ ᠵᠤᠭᠠᠴᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠪᠣᠯᠤᠨ᠎ᠠ᠃ ᠬᠠᠶᠢᠷᠤᠪ ᠤᠨ ᠲᠤᠬᠤᠢ ᠲᠤᠭᠤᠷᠢᠭ ᠨᠢ ︽ᠬᠠᠳᠤᠨ ᠭᠤᠣᠯ ᠤᠨ 几 ᠦᠰᠦᠭᠲᠦ ᠪᠤᠯᠤᠩ︾᠎ ᠤᠨ ᠰᠢᠵᠢᠷ ᠠᠯᠳᠠᠨ ᠣᠷᠣᠨ ᠳᠤ ᠪᠠᠶᠢᠷᠢᠯᠠᠵᠤ᠂ ᠣᠨᠴᠠᠭᠠᠢ ᠭᠠᠵᠠᠷ ᠵᠦᠢ ᠶᠢᠨ ᠪᠠᠶᠢᠷᠢᠯᠠᠯ ᠨᠢ ︽ᠡᠯᠡᠰᠦ᠂ ᠳᠠᠯᠠᠢ᠂ ᠠᠭᠤᠯᠠ᠂ ᠬᠤᠳᠠ︾᠎ ᠶᠢ ᠨᠢᠭᠡ ᠴᠤᠬᠴᠠᠵᠢᠭᠤᠯᠤᠬᠰᠠᠨ ᠥᠪᠡᠷᠮᠢᠴᠡ ᠪᠠᠶᠢᠭᠠᠯᠢ ᠶᠢᠨ ᠦᠩᠭᠡ ᠦᠵᠡᠮᠵᠢ ᠪᠠ ᠬᠥᠮᠦᠨ ᠨᠡᠶᠢᠭᠡᠮ ᠤᠨ ᠣᠨᠴᠠᠯᠢᠭ ᠢ ᠪᠦᠷᠢᠯᠳᠦᠭᠦᠯᠦᠭᠰᠡᠨ ᠪᠠᠶᠢᠨ᠎ᠠ᠃
        ᠣᠶᠢᠷ᠎ᠠ ᠶᠢᠨ ᠵᠢᠯ ᠳᠤ᠂ ᠬᠠᠶᠢᠷᠤᠪ ᠤᠨ ᠲᠤᠬᠤᠢ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠰᠣᠶᠣᠯ ᠵᠤᠭᠠᠴᠠᠯ ᠢᠶᠠᠷ ᠭᠤᠣᠯ ᠪᠣᠯᠭᠠᠭᠰᠠᠨ ︽ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ᠂ ᠠᠵᠤ ᠦᠢᠯᠡᠰ ᠤᠨ  ᠰᠢᠰᠲ᠋ᠧᠮ ᠲᠡᠭᠦᠯᠳᠡᠷᠵᠢᠬᠦ᠂ ᠦᠢᠯᠡᠳᠬᠦᠨ ᠤ ᠠᠭᠤᠯᠭ᠎ᠠ ᠶᠢ ᠴᠣᠭᠴᠠᠯᠠᠬᠤ᠂ ᠬᠥᠭᠵᠢᠯᠲᠡ ᠶᠢᠨ ᠪᠦᠳᠦᠭᠦᠪᠴᠢ ᠵᠠᠭᠪᠤᠷ ᠢ ᠪᠠᠶᠢᠷᠢᠰᠢᠭᠤᠯᠬᠤ᠂ ᠲᠦᠷᠢ ᠲᠥᠷᠬᠦ ᠶᠢᠨ ᠰᠢᠰᠲ᠋ᠧᠮ ᠢ ᠪᠠᠶᠢᠭᠤᠯᠬᠤ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠦᠢᠯᠡᠴᠢᠯᠡᠭᠡ︾᠎ ᠢ ᠢᠳᠡᠪᠬᠢᠲᠡᠢ ᠠᠬᠢᠭᠤᠯᠵᠤ᠂ ᠬᠠᠶᠢᠷᠤᠪ ᠤᠨ ᠲᠤᠬᠤᠢ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠲᠠᠶᠢᠴᠢᠯᠠᠵᠤ᠂ ᠨᠠᠮ ᠵᠠᠰᠠᠭ ᠤᠨ ᠬᠠᠮᠵᠢᠯᠴᠠᠭ᠎ᠠ ᠳᠣᠣᠷᠠᠬᠢ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠠᠬᠢᠭᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号