ᠠᠬᠠᠮᠠᠳ ᠨᠠᠮ ᠤᠨ ᠭᠡᠰᠢᠭᠦᠨ ᠤ ᠨᠠᠮ ᠤᠨ ᠲᠡᠦᠬᠡ ᠶᠢᠨ ᠦᠯᠢᠭᠡᠷ ᠶᠠᠷᠢᠬᠤ ᠶᠢ ᠰᠤᠨᠤᠰᠪᠠ
ᠨᠡᠶᠢᠲᠡᠯᠡᠭᠰᠡᠨ ᠴᠠᠭ᠄
2022/1/18
     ᠲᠠᠪᠤᠨ ᠠᠬᠠᠮᠠᠳ ᠰᠠᠶᠢᠨ ᠳᠤᠷ᠎ᠠ ᠶᠢᠨ ᠠᠵᠢᠯᠯᠠᠭᠴᠢ ᠶᠢᠨ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠬᠤ ᠳᠤᠮᠳᠠᠬᠢ ᠳᠠᠪᠠᠭᠤᠯᠢᠭ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠯᠠᠭᠤᠴᠤᠳ ᠪᠠᠭᠠᠴᠤᠳ ᠬᠡᠦᠬᠡᠳ ᠤᠨ ᠨᠠᠮ ᠤᠨ ᠲᠡᠦᠬᠡ ᠶᠢ ᠰᠤᠷᠤᠯᠴᠠᠬᠤ᠂ ᠨᠠᠮ ᠤᠨ ᠠᠴᠢ ᠶᠢ ᠮᠡᠳᠡᠷᠡᠬᠦ᠂ ᠨᠠᠮ ᠢᠶᠠᠨ ᠲᠠᠭᠠᠬᠤ ᠶᠢ ᠬᠦᠳᠦᠯᠥᠨ ᠳᠠᠭᠠᠭᠤᠯᠬᠤ ᠶᠢᠨ ᠲᠥᠯᠥᠭᠡ᠂  ᠣᠶᠢᠷ᠎ᠠ ᠳᠤ᠂  ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠴᠠᠩ ᠴᠢᠩ ᠨᠡᠶᠢᠭᠡᠮ ᠲᠣᠭᠤᠷᠢᠭ ᠤᠨ ᠬᠢᠨ ᠨᠠᠰᠤᠨ ᠳᠤ ᠥᠯᠥ ᠭᠦᠷᠦᠭᠰᠡᠳ ᠢ ᠵᠣᠬᠢᠶᠠᠨ ᠪᠠᠶᠢᠭᠤᠯᠵᠤ ︽ᠠᠬᠠᠮᠠᠳ ᠨᠠᠮ ᠤᠨ ᠭᠡᠰᠢᠭᠦᠨ ᠤ ᠨᠠᠮ ᠤᠨ ᠲᠡᠤᠬᠡ ᠶᠢᠨ ᠥᠯᠢᠭᠡᠷ ᠶᠠᠷᠢᠬᠤ ᠶᠢ ᠰᠣᠨᠣᠰᠬᠤ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠳᠤᠮᠳᠠ᠂ ᠴᠠᠩ ᠴᠢᠩ ᠨᠡᠶᠢᠭᠡᠮ ᠲᠣᠭᠤᠷᠢᠭ ᠤᠨ ᠬᠢᠨ ᠠᠬᠠᠮᠠᠳ ᠨᠠᠮ ᠤᠨ ᠭᠡᠰᠢᠭᠦᠨ ᠸᠠᠩ ᠢᠦᠢ ᠶᠢ ᠤᠷᠢᠵᠤ ᠨᠡᠶᠢᠭᠡᠮ ᠲᠣᠭᠤᠷᠢᠭ ᠤᠨ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠨᠠᠮ ᠤᠨ ᠲᠡᠦᠬᠡ ᠶᠢᠨ ᠠᠮᠢᠳᠤᠯᠢᠭ ᠬᠢᠴᠢᠶᠡᠯ ᠣᠷᠣᠭᠤᠯᠪᠠ᠃ ᠸᠠᠩ ᠡᠪᠦᠭᠡ ᠪᠣᠷᠣᠭᠵᠢᠭᠤᠨ᠂ ᠣᠶᠢᠯᠠᠭᠠᠮᠵᠢᠲᠠᠶ ᠦᠭᠡ ᠥᠭᠦᠯᠡᠪᠦᠷᠢ ᠪᠠᠷ ᠥᠪᠡᠷ ᠤᠨ ᠥᠩᠭᠡᠷᠡᠯᠲᠡ ᠪᠠ ᠠᠮᠢᠳᠤᠷᠠᠯ ᠤᠨ ᠣᠷᠴᠢᠨ ᠲᠣᠭᠤᠷᠢᠨ ᠤ ᠬᠤᠪᠢᠷᠠᠯᠲᠠ ᠲᠠᠢ ᠪᠠᠨ ᠤᠶᠠᠯᠳᠤᠭᠤᠯᠤᠨ᠂ ᠰᠤᠷᠤᠭᠴᠢᠳ ᠲᠤ ᠨᠠᠮ ᠤᠨ ᠲᠡᠮᠡᠴᠡᠯ ᠤᠨ ᠲᠡᠦᠬᠡ ᠪᠠ ᠨᠠᠮ ᠤᠨ ᠲᠡᠦᠬᠡ ᠶᠢᠨ ᠮᠠᠰᠢ ᠤᠯᠠᠨ ᠭᠤᠶᠢᠳᠠ ᠰᠠᠶᠢᠬᠠᠨ ᠵᠢᠵᠢᠭ ᠦᠯᠢᠭᠡᠷ ᠢ ᠶᠠᠷᠢᠵᠤ ᠥᠭᠪᠡ᠃ ᠨᠠᠮ ᠤᠨ ᠲᠡᠦᠬᠡ ᠶᠢᠨ ᠦᠯᠢᠭᠡᠷ ᠤᠳ ᠢ ᠬᠤᠯᠪᠣᠵᠤ᠂ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠬᠢ ᠶᠢᠨ ᠬᠤᠪᠢᠰᠬᠠᠯᠴᠢᠳ ᠪᠣᠯᠤᠨ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠡᠮᠦᠨᠡᠬᠢ ᠨᠢ ᠤᠨᠠᠪᠠᠯ ᠬᠤᠶᠢᠨᠠᠬᠢ ᠨᠢ ᠵᠠᠯᠭᠠᠮᠵᠢᠯᠠᠬᠤ ᠬᠤᠪᠢᠰᠬᠠᠯ ᠤᠨ ᠵᠣᠷᠢᠭ ᠰᠠᠨᠠᠭ᠎ᠠ ᠪᠣᠯᠤᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠡᠳᠬᠢᠯ ᠤᠨ ᠥᠩᠭᠡᠷᠡᠯᠲᠡ ᠶᠢ ᠬᠠᠷᠠᠭᠤᠯᠪᠠ᠃    ᠠᠬᠠᠮᠠᠳ ᠨᠠᠮ ᠤᠨ ᠭᠡᠰᠢᠭᠦᠨ ᠸᠠᠩ ᠢᠦᠢ ᠶᠢᠨ ᠡᠪᠦᠭᠡ ᠶᠢᠨ ᠨᠠᠮ ᠤᠨ ᠲᠡᠦᠬᠡ ᠶᠢᠨ ᠦᠯᠢᠭᠡᠷ ᠢ ᠰᠣᠨᠣᠰᠤᠭᠠᠳ᠂ ᠰᠤᠷᠤᠭᠴᠢᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠷᠡᠯ ᠰᠠᠴᠤᠷᠠᠩᠭᠤᠢ ᠬᠥᠭᠵᠢᠯᠲᠡ ᠶᠢᠨ ᠥᠩᠭᠡᠷᠡᠯᠲᠡ ᠶᠢᠨ ᠲᠤᠬᠠᠢ ᠣᠶᠢᠯᠠᠭᠠᠯᠲᠠ ᠪᠠᠨ ᠤᠯᠠᠮ ᠭᠦᠨᠵᠡᠭᠡᠶᠢᠷᠡᠭᠦᠯᠵᠦ᠂ ᠬᠡᠦᠬᠡᠳ ᠤᠳ ᠤᠨ ᠨᠠᠮ ᠪᠣᠯᠤᠨ ᠤᠯᠤᠰ ᠤᠨ ᠲᠤᠬᠠᠢ ᠲᠠᠨᠢᠯᠲᠠ ᠶᠢ ᠨᠡᠮᠡᠭᠳᠡᠭᠦᠯᠵᠦ᠂ ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠪᠢᠰᠬᠠᠯ ᠤᠨ ᠰᠣᠶᠣᠯ ᠢ ᠤᠯᠠᠮᠵᠢᠯᠠᠵᠤ᠂ ᠬᠡᠦᠬᠡᠳ ᠤᠳ ᠤᠨ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠭᠡᠷ ᠢᠶᠠᠨ ᠬᠠᠶᠢᠷᠠᠯᠠᠬᠤ ᠰᠡᠳᠬᠢᠯᠭᠡ ᠶᠢ ᠬᠥᠮᠦᠵᠢᠭᠦᠯᠵᠡᠢ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号