ᠬᠠᠤᠯᠢ ᠪᠠᠷ ᠵᠠᠰᠠᠬᠤ ᠬᠥᠮᠦᠵᠢᠯ ᠤᠨ ᠮᠡᠳᠡᠯᠭᠡ ᠶᠢᠨ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2022/1/18
     ᠨᠡᠶᠢᠭᠡᠮ ᠲᠣᠭᠤᠷᠢᠭ ᠤᠨ ᠵᠠᠯᠠᠭᠤᠴᠤᠳ ᠪᠠᠭᠠᠴᠤᠳ ᠤᠨ ᠬᠠᠤᠯᠢ ᠴᠠᠭᠠᠵᠠ ᠶᠢᠨ ᠰᠡᠬᠡᠭᠡᠷᠡᠭᠦᠯᠦᠯ ᠪᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠵᠤ᠂ ᠲᠡᠳᠡᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠬᠠᠤᠯᠢ ᠶᠢ ᠰᠠᠬᠢᠬᠤ ᠦᠵᠡᠯᠲᠡ ᠶᠢ ᠬᠥᠮᠦᠵᠢᠭᠦᠯᠬᠦ ᠶᠢᠨ ᠬᠠᠮᠲᠤ ᠵᠠᠯᠠᠭᠤᠴᠤᠳ ᠪᠠᠭᠠᠴᠤᠳ ᠢ ᠬᠠᠷᠠᠬᠠᠨ ᠪᠠᠭ᠎ᠠ ᠠᠴᠠ ᠨᠢ ᠬᠠᠤᠯᠢ ᠴᠠᠭᠠᠵᠠ ᠶᠢᠨ ᠮᠡᠳᠡᠯᠭᠡ ᠶᠢ ᠡᠵᠡᠮᠰᠢᠵᠦ᠂ ᠬᠠᠤᠯᠢ ᠪᠠᠷ ᠵᠠᠰᠠᠬᠤ ᠤᠬᠠᠮᠰᠠᠷ ᠢ ᠪᠤᠢ ᠪᠣᠯᠭᠠᠵᠤ᠂ ᠬᠠᠤᠯᠢ ᠶᠢ ᠰᠠᠬᠢᠬᠤ ᠳᠠᠳᠬᠠᠯ ᠲᠠᠢ ᠪᠣᠯᠭᠠᠬᠤ ᠪᠠᠷ ᠬᠥᠲᠥᠯᠥᠨ ᠵᠢᠯᠣᠭᠤᠳᠴᠤ᠂ ︽ᠬᠠᠤᠯᠢ ᠪᠠᠷ ᠵᠠᠰᠠᠬᠤ ᠵᠣᠷᠢᠭ ᠰᠠᠨᠠᠭ᠎ᠠ︾᠎ ᠶᠢ ᠵᠠᠯᠠᠭᠤᠴᠤᠳ ᠪᠠᠭᠠᠴᠤᠳ ᠤᠨ ᠰᠡᠳᠬᠢᠯ ᠳᠤ ᠦᠨᠡᠨ ᠬᠦ ᠴᠡᠴᠡᠭᠯᠡᠭᠦᠯᠦᠨ ᠵᠢᠮᠢᠰᠯᠡᠭᠦᠯᠦᠨ᠎ᠡ᠃ 1 ᠰᠠᠷ᠎ᠠ ᠶᠢᠨ 17᠎ ᠤ ᠡᠳᠦᠷ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠴᠠᠩ ᠴᠢᠩ ᠨᠡᠶᠢᠭᠡᠮ ᠲᠣᠭᠤᠷᠢᠭ ᠤᠨ ᠬᠢᠨ ᠬᠠᠷᠢᠶᠠᠲᠤ ᠣᠷᠣᠨ ᠤ ᠪᠠᠨ ᠨᠠᠰᠤᠨ ᠳᠤ ᠥᠯᠥ ᠭᠦᠷᠦᠭᠰᠡᠳ ᠢ ᠵᠣᠬᠢᠶᠠᠨ ᠪᠠᠶᠢᠭᠤᠯᠵᠤ ︽ᠬᠠᠤᠯᠢ ᠴᠠᠭᠠᠵᠠ ᠲᠠᠢ ᠬᠠᠮᠲᠤ ᠪᠠᠷ ᠪᠠᠶᠠᠷ ᠬᠥᠷ ᠲᠠᠢ ᠦᠰᠦᠨ ᠪᠤᠶᠢᠵᠢᠬᠤ︾ ᠬᠠᠤᠯᠢ ᠪᠠᠷ ᠵᠠᠰᠠᠬᠤ ᠬᠥᠮᠦᠵᠢᠯ ᠤᠨ ᠮᠡᠳᠡᠯᠭᠡ ᠶᠢᠨ ᠲᠠᠶᠢᠯᠤᠮᠵᠢ ᠥᠷᠨᠢᠭᠦᠯᠪᠡ᠃
    ᠠᠵᠢᠯᠯᠠᠭ᠎ᠠ ᠳᠤ ᠪᠠᠶᠢᠭᠤᠯᠭ᠎ᠠ ᠶᠢᠨ ᠠᠵᠢᠯ ᠤᠨ ᠺᠣᠮᠢᠰ ᠤᠨ ᠡᠷᠬᠢᠯᠡᠭᠴᠢ ᠵᠠᠩ ᠯᠢ ᠰᠢᠨ ᠢ ᠣᠨᠴᠠ ᠤᠷᠢᠵᠤ ᠰᠤᠷᠤᠭᠴᠢᠳ ᠲᠤ ᠬᠢᠴᠢᠶᠡᠯ ᠣᠷᠣᠭᠤᠯᠪᠠ᠃ ᠲᠡᠷᠡ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠬᠠᠤᠯᠢ ᠴᠠᠭᠠᠵᠠ ᠶᠢᠨ ᠴᠢᠬᠤᠯᠠ ᠴᠢᠨᠠᠷ ᠢ ᠲᠠᠶᠢᠯᠪᠤᠷᠢᠯᠠᠵᠤ᠂ ᠳᠠᠷᠠᠭ᠎ᠠ ᠨᠢ ᠬᠡᠷ ᠪᠦᠯᠢ ᠶᠢᠨ ᠬᠦᠴᠦᠷᠬᠡᠭᠯᠡᠯ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ᠂ ᠵᠠᠮ ᠬᠠᠷᠢᠯᠴᠠᠭᠠᠨ ᠤ ᠠᠮᠤᠷ ᠲᠦᠪᠰᠢᠨ ᠵᠢᠴᠢ ᠡᠯ᠎ᠡ ᠵᠤᠶᠢᠯ ᠤᠨ ᠬᠤᠤᠷᠲᠤ ᠡᠳ᠋ ᠤᠨ ᠬᠤᠤᠷ ᠬᠥᠨᠥᠭᠡᠯ ᠵᠡᠷᠭᠡ ᠲᠠᠯ᠎ᠠ ᠠᠴᠠ ᠰᠤᠷᠤᠭᠴᠢᠳ ᠲᠤ ᠦᠷᠭᠦᠯᠵᠢ ᠲᠣᠬᠢᠶᠠᠯᠳᠤᠳᠠᠭ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠡᠭᠦᠰᠦᠭᠰᠡᠨ ᠰᠢᠯᠲᠠᠭᠠᠨ ᠢ ᠲᠠᠨᠢᠯᠴᠠᠭᠤᠯᠵᠤ᠂ ᠰᠤᠷᠤᠭᠴᠢᠳ ᠲᠤ ᠠᠯᠢ ᠠᠯᠢ ᠨᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠪᠣᠯᠬᠤ ᠵᠢᠴᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠠᠴᠠ ᠡᠭᠦᠰᠦᠭᠰᠡᠨ ᠮᠠᠭᠤ ᠦᠷ᠎ᠡ ᠳ᠋ᠦᠩ ᠢ ᠣᠶᠢᠯᠠᠭᠠᠭᠤᠯᠵᠤ᠂ ᠬᠠᠮᠲᠤ ᠰᠤᠷᠤᠭᠴᠢᠳ ᠲᠤ ᠥᠪᠡᠷ ᠤᠨ ᠡᠭᠦᠷᠭᠡᠯᠡᠪᠡᠰᠦ ᠵᠣᠬᠢᠬᠤ ᠬᠠᠤᠯᠢ ᠶᠢᠨ ᠬᠠᠷᠢᠭᠤᠴᠠᠯᠭ᠎ᠠ ᠪᠠᠨ ᠮᠡᠳᠡᠭᠦᠯᠬᠦ ᠬᠡᠷᠡᠭᠲᠡᠶ᠃ ᠵᠠᠩ ᠯᠢ ᠰᠢᠨ ᠪᠠᠰᠠ ᠡᠯᠪᠡᠭ ᠪᠠᠶᠠᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠰᠤᠷᠤᠭᠴᠢᠳ ᠲᠤ ᠬᠡᠷᠬᠢᠨ ᠬᠠᠤᠯᠢ ᠴᠠᠭᠠᠵᠠ ᠶᠢᠨ ᠵᠡᠪᠰᠡᠭ ᠢ ᠠᠰᠢᠭᠯᠠᠨ ᠥᠪᠡᠷ ᠢ ᠪᠠᠨ ᠬᠠᠮᠠᠭᠠᠯᠠᠬᠤ᠂ ᠬᠡᠷᠬᠢᠨ ᠥᠪᠡᠷ ᠢ ᠪᠠᠨ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠬᠤ ᠲᠤᠬᠠᠶ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠨ ᠥᠭᠴᠦ᠂ ᠰᠤᠷᠤᠭᠴᠢᠳ ᠢ ᠬᠡᠷᠬᠢᠨ ᠬᠠᠤᠯᠢ ᠰᠠᠬᠢᠯᠭ᠎ᠠ ᠶᠢ ᠵᠢᠷᠤᠮᠯᠠᠨ ᠬᠠᠤᠯᠢ ᠴᠠᠭᠠᠵᠠ ᠶᠢ ᠰᠠᠬᠢᠵᠤ᠂ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠲᠠᠯ᠎ᠠ ᠪᠠᠷ ᠨᠠᠷᠢᠯᠢᠭ ᠲᠠᠶᠢᠯᠪᠤᠷᠢᠯᠠᠵᠠᠢ᠃ ᠰᠤᠷᠤᠭᠴᠢᠳ ᠨᠠᠷᠢᠨ ᠬᠢᠨᠠᠮᠠᠭᠠᠢ ᠰᠣᠨᠣᠰᠴᠤ᠂ ᠢᠳᠡᠪᠬᠢᠲᠡᠢ ᠪᠠᠷ ᠶᠠᠷᠢᠶ᠎ᠠ ᠲᠠᠯᠪᠢᠵᠤ ᠰᠠᠨᠠᠯ ᠢᠶᠠᠨ ᠰᠣᠯᠢᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠥᠭᠵᠢᠶᠡᠨᠲᠡᠢ ᠪᠠᠶᠢᠯ᠎ᠠ᠃    ᠲᠣᠰ ᠤᠳᠠᠭᠠᠨ ᠤ ᠬᠠᠤᠯᠢ ᠪᠠᠷ ᠵᠠᠰᠠᠬᠤ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠨᠢ ᠵᠠᠯᠠᠭᠤᠴᠤᠳ ᠪᠠᠭᠠᠴᠤᠳ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠭᠦᠨᠵᠡᠭᠡᠶᠢᠷᠡᠭᠦᠯᠦᠨ᠂ ᠬᠠᠤᠯᠢ ᠴᠠᠭᠠᠵᠠ ᠶᠢᠨ ᠦᠵᠡᠯᠲᠡ ᠶᠢ ᠳᠡᠭᠡᠭᠰᠢᠯᠡᠭᠦᠯᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ᠬᠠᠤᠯᠢ ᠴᠠᠭᠠᠵᠠ ᠶᠢᠨ ᠬᠡᠪ ᠴᠢᠨᠠᠷ ᠪᠠ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠰᠤᠷᠬᠤ᠂ ᠬᠠᠤᠯᠢ ᠰᠠᠬᠢᠬᠤ᠂ ᠬᠠᠤᠯᠢ ᠬᠡᠷᠡᠭᠯᠡᠬᠦ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号