2022 ᠣᠨ ᠤ ︽ᠰᠢᠨ᠎ᠡ ᠪᠠᠶᠢᠳᠠᠯ︾᠄ ᠬᠠᠶᠢᠷᠤᠪ ᠤᠨ ᠲᠤᠬᠤᠢ ᠶᠢᠨ ᠬᠢᠨ ᠥᠨᠳᠥᠷ ᠦᠷ᠎ᠡ ᠪᠦᠲᠦᠮᠵᠢ ᠲᠠᠢ ᠵᠠᠰᠠᠯᠲᠠ ᠳᠤ ᠠᠩᠬᠠᠷᠤᠯ ᠢᠶᠠᠨ ᠲᠦᠪᠯᠡᠷᠡᠭᠦᠯᠤᠨ᠎ᠡ
ᠨᠡᠶᠢᠲᠡᠯᠡᠭᠰᠡᠨ ᠴᠠᠭ᠄
2022/1/18
   2022 ᠣᠨ ᠳᠤ᠂ ᠬᠠᠶᠢᠷᠤᠪ ᠤᠨ ᠲᠤᠬᠤᠢ ᠲᠤᠭᠤᠷᠢᠭ ᠡᠷᠴᠢ ᠵᠣᠷᠢᠭ ᠢᠶᠠᠨ ᠬᠥᠪᠴᠢᠯᠡᠵᠦ᠂ ᠰᠢᠨᠲᠠᠷᠠᠰᠢ ᠦᠭᠡᠢ ᠴᠢᠷᠮᠠᠶᠢᠨ ᠠᠵᠢᠯᠯᠠᠵᠤ᠂ ᠤᠭ ᠰᠠᠨᠠᠭ᠎ᠠ ᠪᠠᠨ ᠪᠠᠲᠤ ᠰᠠᠬᠢᠵᠤ ᠰᠠᠶᠢᠨ ᠡᠬᠢᠯᠡᠯᠲᠡ ᠲᠠᠢ ᠪᠣᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠢᠶᠠᠨ ᠨᠥᠬᠦᠪᠦᠷᠢᠯᠡᠬᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ᠂ ᠰᠠᠭᠤᠷᠢ ᠪᠠᠨ ᠪᠠᠲᠤᠳᠬᠠᠬᠤ ᠶᠢ ᠠᠩᠬᠠᠷᠴᠤ᠂ ᠰᠢᠰᠲ᠋ᠧᠮᠲᠦ ᠰᠡᠳᠬᠢᠬᠦᠢ ᠪᠠᠷ ᠪᠦᠬᠦᠯᠢ ᠴᠣᠭᠴᠠ ᠶᠢᠨ ᠬᠠᠮᠵᠢᠯᠴᠠᠭ᠎ᠠ ᠶᠢ ᠴᠢᠩᠭᠠᠳᠬᠠᠵᠤ ᠪᠦᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠪᠠᠷ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠬᠤᠸᠠᠷ ᠬᠠᠳᠬᠤᠬᠤ ᠡᠷᠳᠡᠮ ᠢᠶᠠᠷ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠠᠬᠢᠭᠤᠯᠵᠤ᠂ ᠥᠨᠳᠥᠷ ᠪᠦᠲᠦᠮᠵᠢᠲᠡᠢ ᠵᠠᠰᠠᠯᠲᠠ ᠶᠢᠨ ᠣᠳᠣᠬᠢᠴᠢᠯᠠᠯᠲᠠ ᠶᠢ ᠦᠨᠡᠨᠬᠦ ᠪᠠᠲᠤᠯᠠᠵᠤ᠂ ᠬᠠᠶᠢᠷᠤᠪ ᠤᠨ ᠲᠤᠬᠤᠢ ᠲᠤ ᠰᠢᠨ᠎ᠡ ᠳᠦᠷᠰᠦ ᠪᠠᠶᠢᠳᠠᠯ ᠲᠠᠢ ᠪᠣᠯᠵᠤ᠂ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠨᠡᠶᠢᠭᠡᠮ ᠤᠨ ᠵᠠᠰᠠᠯᠲᠠ ᠶᠢ ᠢᠮᠠᠭᠲᠠ ᠰᠠᠶᠢᠲᠤᠷ ᠠᠳᠬᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠎ ᠶᠢᠨ ᠲᠤᠷᠰᠢᠯᠭ᠎ᠠ︾᠎ ᠶᠢ ᠦᠢᠯᠡᠳᠦᠯᠭᠡᠵᠢᠭᠦᠯᠵᠦ᠂ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠵᠢᠯᠤᠭᠤᠳᠬᠤ ᠲᠠᠪᠴᠠᠩ  ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠳᠠ ᠶᠢᠨ ᠪᠦᠰᠡ ᠶᠢᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠤᠯᠤᠰ ᠤᠨ ᠰᠢᠯᠭᠠᠨ ᠠᠪᠤᠯᠲᠠ ᠶᠢ ᠴᠢᠨᠠᠷ ᠰᠠᠶᠢᠲᠠᠢ ᠥᠩᠭᠡᠷᠡᠭᠡᠵᠦ᠂ ᠨᠡᠶᠢᠭᠡᠮ ᠤᠨ ᠵᠠᠰᠠᠯᠲᠠ ᠶᠢ ᠦᠷᠭᠦᠯᠵᠢᠯᠡᠨ ᠬᠦᠴᠦᠯᠡᠨ ᠭᠦᠨᠵᠡᠭᠡᠶᠢᠷᠡᠭᠦᠯᠦᠨ᠎ᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠰᠠᠯᠲᠠ ᠶᠢᠨ ᠣᠨ ᠤ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠳᠦᠷᠢᠮ ᠢ ᠲᠡᠭᠦᠯᠳᠡᠷᠵᠢᠭᠦᠯᠦᠨ᠂ ᠵᠢᠷᠤᠮᠵᠢᠭᠰᠠᠨ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ︽ᠨᠢᠭᠡ ᠨᠢᠭᠡᠳᠦᠯ ᠨᠢᠭᠡ ᠲᠣᠰᠬᠤᠨ ᠨᠢᠭᠡ ᠠᠵᠤ ᠠᠬᠤᠶᠢᠯᠠᠯ ᠳᠤ ᠨᠢᠭᠡ ᠵᠢᠯ ᠳᠤ ᠨᠢᠭᠡ ᠶᠠᠪᠤᠳᠠᠯ︾᠎ ᠢᠶᠠᠷ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ + ᠨᠡᠶᠢᠭᠡᠮ ᠤᠨ ᠵᠠᠰᠠᠯᠲᠠ︾᠎ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠵᠠᠰᠠᠯᠲᠠ ᠶᠢ ᠠᠬᠢᠭᠤᠯᠵᠤ᠂ ᠤᠯᠠᠨ ᠲᠦᠮᠡᠨ ᠤ ᠬᠥᠳᠡᠭᠡ ᠲᠣᠰᠬᠤᠨ ᠤ ᠵᠠᠰᠠᠯᠲᠠ ᠳᠤ ᠣᠷᠤᠯᠴᠠᠬᠤ ᠠᠷᠭ᠎ᠠ ᠵᠠᠮ ᠢ ᠰᠢᠯᠤᠭᠤᠳᠬᠠᠵᠤ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠦᠷᠭᠦᠯᠵᠢᠯᠡᠨ ᠪᠦᠷᠢᠨᠰᠢᠭᠦᠯᠦᠨ᠎ᠡ᠃ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠢᠯᠡ ᠵᠠᠬᠢᠳᠠᠯ ᠰᠣᠷᠪᠤᠯᠵᠢᠯᠠᠭ᠎ᠠ︾᠎ ᠶᠢ ᠪᠦᠬᠦ ᠲᠠᠯ᠎ᠠ  ᠪᠠᠷ ᠬᠡᠷᠡᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ ᠳᠠᠪᠬᠤᠷᠳᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃      ᠠᠮᠤᠷ ᠲᠦᠪᠰᠢᠨ ᠤ ᠬᠤᠷᠢᠭ᠎ᠠ ᠱᠤᠭᠤᠮ ᠢ ᠤᠷᠲᠤ ᠬᠤᠭᠤᠴᠠᠭ᠎ᠠ ᠪᠠᠷ ᠪᠠᠲᠤ ᠰᠠᠬᠢᠨ᠎ᠠ᠃ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠡᠯ᠎ᠡ ᠲᠦᠷᠦᠯ ᠤᠨ ᠬᠦᠨᠳᠦ ᠶᠡᠭᠡ ᠠᠶᠤᠯ ᠲᠦᠭᠰᠢᠭᠦᠷᠢ ᠶᠢᠨ ᠥᠷᠢᠰᠦᠯᠳᠦᠭᠡᠨ ᠢ ᠬᠦᠴᠦᠯᠡᠨ ᠰᠡᠷᠭᠡᠶᠢᠯᠡᠨ ᠠᠷᠢᠯᠭᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠴᠦᠰ ᠲᠤᠨᠢ ᠲᠤᠯᠲᠠᠯ᠎ᠠ ᠬᠢᠴᠢᠶᠡᠨ ᠰᠠᠶᠢᠲᠤᠷ ᠠᠳᠬᠤᠵᠤ᠂ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠦᠷᠢᠨᠰᠢᠭᠦᠯᠵᠦ᠂ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠲᠠᠬᠢᠨ ᠰᠡᠷᠭᠦᠭᠡᠵᠦ ᠮᠡᠳᠡᠬᠦ ᠠᠯᠢᠪᠠ ᠨᠦᠬᠡ ᠪᠠ ᠡᠮᠵᠡᠭ ᠲᠠᠯ᠎ᠠ ᠶᠢ ᠪᠥᠭᠯᠡᠵᠦ᠂ ᠰᠡᠷᠭᠡᠶᠢᠯᠡᠨ ᠡᠵᠡᠮᠳᠡᠬᠦ ᠶᠢ ᠰᠤᠯᠠᠷᠠᠭᠤᠯᠬᠤ ᠦᠭᠡᠢ᠂ ᠬᠢᠵᠢᠭ ᠤᠨ ᠪᠠᠶᠢᠳᠠᠯ ᠢ ᠲᠠᠬᠢᠨ ᠰᠡᠷᠭᠦᠭᠡᠬᠦ ᠦᠭᠡᠢ᠂ ᠬᠥᠭᠵᠢᠯᠲᠡ ᠶᠢ ᠵᠣᠭᠰᠣᠰᠢ ᠦᠭᠡᠢ ᠬᠥᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ᠰᠢᠨ᠎ᠡ ᠠᠮᠤᠷ ᠲᠦᠪᠰᠢᠨ ᠤ ᠬᠠᠤᠯᠢ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠣᠰᠣᠭᠠᠷ᠂ ᠡᠯ᠎ᠡ ᠲᠠᠯ᠎ᠠ ᠵᠢᠨ‌ᠠᠮᠤᠷ ᠲᠦᠪᠰᠢᠨ ᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠠᠮᠤᠷ ᠲᠦᠪᠰᠢᠨ ᠤ ᠬᠡᠮ ᠰᠣᠭᠤᠭ ᠢ ᠭᠦᠨᠵᠡᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠤᠷᠤᠭᠰᠢᠲᠠᠢ ᠲᠡᠭᠦᠰᠬᠡᠪᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠵᠢᠯᠤᠭᠤᠳᠬᠤ ᠲᠥᠪ ᠤᠨ ᠲᠠᠪᠴᠠᠩ ᠪᠣᠯᠣᠨ ᠬᠤᠳᠠᠯᠳᠤᠭᠠᠨ ᠤ ᠭᠤᠣᠯ ᠲᠣᠭᠤᠷᠢᠭ ᠤᠨ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠨᠥᠭᠡᠴᠡᠯᠡᠬᠦ ᠬᠥᠮᠥᠷᠭᠡ ᠶᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢ ᠢᠳᠡᠪᠬᠢᠲᠡᠢ ᠯᠠᠪᠳᠠᠭᠤᠨ ᠢᠶᠠᠷ ᠰᠢᠢᠳᠪᠦᠷᠢᠯᠡᠨ᠎ᠡ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ ᠃ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠤᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠡᠷᠡᠰ ᠰᠠᠬᠢᠨ ᠬᠠᠮᠠᠭᠠᠯᠠᠨ᠎ᠠ᠃ ᠨᠡᠩ ᠥᠨᠳᠥᠷ ᠲᠦᠪᠰᠢᠨ ᠪᠦᠬᠦᠢ ᠠᠮᠤᠷ ᠲᠠᠶᠢᠪᠤᠩ ᠬᠠᠶᠢᠷᠤᠪ ᠤᠨ ᠲᠣᠬᠤᠢ᠂ ᠬᠠᠤᠯᠢ ᠪᠠᠷ ᠵᠠᠰᠠᠬᠤ ᠬᠠᠶᠢᠷᠤᠪ ᠤᠨ ᠲᠣᠬᠤᠢ ᠶᠢ ᠪᠦᠲᠦᠭᠡᠨ ᠪᠠᠶᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠠᠲᠤᠯᠠᠨ᠎ᠠ᠃      ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ᠎ᠠ᠃ ᠰᠢᠨ᠎ᠡ ᠪᠠᠶᠢᠳᠠᠯ ᠤᠨ ᠳᠣᠣᠷᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠡᠮᠡᠭᠲᠡᠶᠢᠴᠦᠳ ᠬᠡᠦᠬᠡᠳ᠂ ᠠᠷᠠᠳ ᠤᠨ ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠬᠦ ᠵᠢᠴᠢ ᠵᠡᠮᠳᠡᠭᠴᠦᠳ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠡ᠃ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠳᠠᠨ ᠵᠡᠷᠭᠡ ᠠᠷᠠᠳ ᠤᠨ ᠪᠦᠯᠬᠦᠮ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠶᠢ ᠲᠡᠮᠵᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号