ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ  ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2022/1/18
     ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠪᠠᠶᠢᠭᠤᠯᠤᠭᠳᠠᠭᠰᠠᠨ ᠵᠢᠴᠢ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠤᠷᠠᠯ ᠤᠢᠢᠷ᠎ᠠ ᠶᠢᠨ ᠡᠳᠦᠷ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠳᠤ ᠬᠤᠷᠠᠯᠳᠤᠵᠠᠢ᠃
     ᠬᠤᠷᠠᠯ ᠠᠴᠠ ︽ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠲᠦᠷᠢᠮ︾᠂ ︽ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠬᠤᠷᠠᠯ ᠤᠨ ᠰᠣᠩᠭᠤᠭᠤᠯᠢ ᠶᠢᠨ ᠠᠷᠭ᠎ᠠ︾᠎ ᠶᠢ ᠬᠢᠨᠠᠨ ᠵᠥᠪᠯᠡᠵᠦ ᠪᠠᠲᠤᠯᠠᠪᠠ᠃ ︽ᠰᠣᠩᠭᠤᠭᠤᠯᠢ ᠶᠢᠨ ᠠᠷᠭ᠎ᠠ︾᠎ ᠶᠢᠨ ᠬᠤᠷᠠᠯ ᠢᠶᠠᠷ ᠯᠢᠦ ᠯᠢ ᠫᠢᠩ ᠨᠥᠬᠦᠷ ᠢ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢᠳ ᠤᠨ ᠳᠠᠷᠤᠭ᠎ᠠ ᠪᠠᠷ ᠰᠣᠩᠭᠤᠪᠠ᠃ ᠵᠠᠩ ᠵᠢᠶᠠᠨ ᠭᠦᠸᠧ ᠨᠥᠬᠦᠷ ᠢ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠪᠠᠷ ᠰᠣᠩᠭᠤᠪᠠ᠃ ᠪᠦᠦ ᠯᠢ ᠵᠢᠤᠸᠠᠨ ᠨᠥᠬᠦᠷ ᠢ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠨᠠᠷᠢᠨ  ᠪᠢᠴᠢᠭ ᠤᠨ ᠲᠠᠷᠤᠭ᠎ᠠ ᠪᠠᠷ ᠰᠣᠩᠭᠤᠪᠠ᠃     ᠰᠠᠭᠤᠷᠢ ᠮᠥᠩᠭᠦᠨ ᠤ ᠨᠡᠶᠢᠭᠡᠮᠯᠢᠭ ᠤᠨ ᠪᠠᠶᠢᠭᠤᠯᠤᠭᠳᠠᠭᠰᠠᠨ ᠨᠢ᠂ ᠨᠡᠶᠢᠭᠡᠮᠴᠢᠯᠡᠭᠰᠡᠨ ᠪᠡᠯᠡ ᠮᠥᠩᠭᠦ ᠪᠠᠷ ᠰᠤᠷᠤᠯᠭ᠎ᠠ ᠶᠢ ᠲᠡᠳᠬᠦᠬᠦ ᠰᠢᠨ᠎ᠡ ᠲᠠᠪᠴᠠᠩ ᠢ ᠠᠮᠵᠢᠯᠲᠠ ᠲᠠᠢ ᠪᠠᠶᠢᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠵᠦ᠂ ᠥᠷᠭᠡᠨ ᠤᠯᠠᠨ ᠪᠠᠭᠰᠢ ᠶᠢᠨ ᠨᠢᠭᠡ ᠰᠡᠳᠬᠢᠯ ᠢᠶᠠᠷ ᠬᠥᠮᠦᠨ ᠬᠥᠮᠦᠵᠢᠭᠦᠯᠬᠦ ᠶᠢ ᠪᠦᠲᠦᠮᠵᠢᠲᠡᠢ ᠵᠣᠷᠢᠭᠵᠢᠭᠤᠯᠵᠤ᠂ ᠮᠣᠷᠠᠯ ᠰᠤᠷᠤᠯᠭ᠎ᠠ ᠬᠤᠣᠰᠯᠠᠭᠰᠠᠨ ᠰᠤᠷᠤᠭᠴᠢᠳ ᠢ ᠵᠣᠷᠢᠭᠵᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ᠂ ᠬᠠᠶᠢᠷ᠎ᠠ ᠬᠠᠯᠠᠮᠵᠢ ᠶᠢᠨ ᠬᠥᠮᠦᠰ ᠢ ᠳᠠᠶᠢᠴᠢᠯᠠᠨ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠢ ᠨᠡᠩ ᠢᠯᠡᠭᠦᠦ ᠬᠠᠯᠠᠮᠵᠢᠯᠠᠨ ᠳᠡᠮᠵᠢᠵᠦ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠨᠡᠮᠡᠷᠢᠯᠡᠬᠦ ᠪᠣᠯᠤᠨ᠎ᠠ᠃    ᠬᠠᠶᠢᠷᠤᠪ ᠤᠨ ᠲᠤᠬᠤᠢ ᠶᠢᠨ ᠲᠣᠭᠤᠷᠢᠭ ᠤᠨ ᠬᠢᠨ ᠰᠤᠷᠭᠠᠨ ᠬᠥᠮᠦᠵᠢᠯ ᠤᠨ ᠦᠢᠯᠡᠰ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠤᠷᠭᠠᠨ ᠬᠥᠮᠦᠵᠢᠯ ᠢ ᠢᠮᠠᠭᠲᠠ ᠡᠩ ᠲᠡᠷᠢᠭᠦᠨ ᠳᠤ ᠬᠥᠭᠵᠢᠭᠦᠯᠬᠦ ᠪᠠᠶᠢᠷᠢᠨ ᠳᠤ ᠲᠠᠯᠪᠢᠵᠤ᠂ ᠦᠬᠠᠢ ᠬᠤᠳᠠ ᠶᠢᠨ ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠪᠠᠶᠢᠭᠤᠯᠤᠭᠳᠠᠭᠰᠠᠨ ᠨᠢ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠡᠷᠡᠭᠦᠯ ᠪᠥᠭᠡᠳ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠶᠢᠨ ᠳᠣᠲᠣᠭᠠᠳᠤ ᠬᠡᠷᠡᠭᠴᠡᠭᠡ ᠱᠠᠭᠠᠷᠳᠠᠯᠭ᠎ᠠ ᠪᠣᠯᠤᠨ᠎ᠠ᠃ ︽ᠲᠡᠷᠢᠭᠦᠨ ᠤ ᠰᠤᠷᠭᠠᠨ ᠬᠥᠮᠦᠵᠢᠯ ᠢ ᠡᠷᠭᠢᠯᠡᠬᠦ᠂ ᠲᠡᠷᠢᠭᠦᠨ ᠤ ᠰᠤᠷᠭᠠᠨ ᠬᠥᠮᠦᠵᠢᠯ ᠢ ᠡᠷᠭᠢᠯᠡᠬᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠡᠷᠭᠢᠯᠡᠬᠦ᠂ ᠰᠤᠷᠭᠠᠨ ᠬᠥᠮᠦᠵᠢᠯ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ︾ ᠬᠠᠷᠠᠯᠲᠠ ᠶᠢ ᠲᠦᠷᠭᠡᠳᠬᠡᠨ ᠪᠡᠶᠡᠯᠡᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号