ᠪᠦᠬᠦ ᠴᠠᠷᠠᠭᠠᠨ ᠤ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ ᠤ ᠨᠡᠷᠡᠰ ᠢ ᠨᠡᠶᠢᠲᠡᠯᠡᠵᠦ᠂ ᠬᠠᠶᠢᠷᠤᠪ ᠤᠨ ᠲᠤᠬᠤᠢ ᠨᠡᠷᠡᠰ ᠤᠨ ᠵᠢᠭᠰᠠᠭᠠᠯᠲᠠ ᠳᠤ ᠤᠷᠤᠪᠠ ︵ᠨᠢᠭᠡ︶
ᠨᠡᠶᠢᠲᠡᠯᠡᠭᠰᠡᠨ ᠴᠠᠭ᠄
2022/1/18
      ᠰᠢᠷᠡᠭᠡᠲᠦ ᠠᠭᠤᠯᠠ ᠶᠢᠨ ᠬᠠᠳᠠᠨ ᠵᠢᠷᠤᠭ          ᠰᠢᠷᠡᠭᠡᠲᠦ ᠠᠭᠤᠯᠠ ᠶᠢᠨ ᠬᠠᠲᠠᠨ ᠵᠢᠷᠤᠭ ᠨᠢ ᠥᠪᠥᠷ ᠮᠣᠩᠭᠤᠯ ᠤᠨ ᠦᠬᠠᠶ ᠬᠤᠲᠠ ᠶᠢᠨ ᠬᠢᠯᠢ ᠳᠤ ᠪᠠᠶᠢᠳᠠᠭ ᠂ ᠣᠲᠣ ᠠᠴᠠ ᠵᠢᠷᠭᠤᠭ᠎ᠠ ᠲᠤᠯᠤᠭᠠᠨ ᠮᠢᠩᠭᠠᠨ ᠵᠢᠯ ᠤᠨ ᠲᠡᠤᠬᠡ ᠲᠠᠢ᠂ ᠠᠭᠤᠯᠠ ᠶᠢᠨ ᠪᠠᠶᠢᠴᠠ ᠨᠢ ᠰᠦᠷᠯᠢᠭ᠂ ᠠᠭᠤᠯᠠ ᠨᠢᠷᠤᠭᠤ ᠨᠢ ᠰᠡᠬᠦ᠋ᠢᠨ ᠰᠦᠨᠳᠡᠷᠯᠡᠵᠦ ᠪᠠᠶᠢᠳᠠᠭ᠂ ᠭᠤᠤᠯ ᠣᠷᠭᠢᠯ ᠨᠢ ᠨᠡᠯᠢᠶᠡᠳ ᠲᠡᠭᠰᠢᠬᠡᠨ᠂ ᠬᠤᠯᠠ ᠠᠴᠠ ᠬᠠᠷᠠᠬᠤ ᠳᠤ ᠰᠢᠷᠡᠭᠡ ᠰᠢᠭ ᠪᠠᠶᠢᠳᠠᠭ ᠢᠶᠠᠷ ᠢᠶᠠᠨ ᠡᠨᠡ ᠬᠦ ᠨᠡᠷ᠎ᠡ ᠶᠢ ᠣᠯᠤᠭᠰᠠᠨ ᠶᠤᠮ᠃ ᠬᠠᠲᠠᠨ ᠵᠢᠷᠤᠭ ᠤᠨ ᠣᠯᠠᠩᠬᠢ ᠨᠢ ᠰᠠᠬᠢᠭᠤᠯᠰᠤᠨ ᠤ ᠬᠥᠷᠥᠭ ᠪᠥᠭᠡᠳ ᠠᠮᠢᠲᠠᠨ ᠪᠠ ᠨᠡᠷᠡᠨ ᠤ ᠵᠢᠷᠤᠭ ᠵᠡᠷᠭᠡ ᠨᠢ ᠡᠷᠲᠡᠨ ᠤ ᠤᠮᠠᠷᠠᠲᠤ ᠶᠢᠨ ᠨᠡᠭᠦᠳᠡᠯᠴᠢᠳ ᠤᠨ ᠭᠤᠸ᠎ᠠ ᠲᠠᠭᠠᠰᠢᠶᠠᠯ ᠤᠨ ᠦᠵᠡᠯᠲᠡ᠂ ᠱᠠᠰᠢᠨ ᠰᠢᠲᠦᠯᠭᠡ ᠵᠡᠷᠭᠡ ᠦᠵᠡᠯ ᠤᠬᠠᠮᠰᠠᠷ ᠤᠨ ᠬᠡᠯᠪᠡᠷᠢ ᠶᠢ ᠰᠤᠳᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
                   ᠤᠮᠠᠷᠠᠲᠤ ᠶᠢᠨ ᠭᠡᠷ ᠪᠦᠯᠢ ᠶᠢᠨ ᠰᠣᠶᠣᠯ ᠤᠨ ᠮᠦᠽᠧᠶ          ᠤᠮᠠᠷᠠᠲᠤ ᠶᠢᠨ ᠭᠡᠷ ᠤᠨ ᠬᠡᠷᠡᠭᠰᠡᠯ ᠤᠨ ᠰᠣᠶᠣᠯ ᠤᠨ ᠮᠦᠽᠧᠢ ᠶᠢ 2007 ᠣᠨ ᠳᠤ ᠪᠠᠶᠢᠭᠤᠯᠵᠤ᠂ ᠪᠠᠷᠢᠯᠭ᠎ᠠ ᠶᠢᠨ ᠲᠠᠯᠠᠪᠠᠢ ᠨᠢ 2326 ᠲᠡᠭᠰᠢ ᠳᠥᠷᠪᠡᠯᠵᠢᠨ ᠮᠧᠲᠷ᠂ ᠳᠡᠯᠭᠡᠨ ᠦᠵᠡᠭᠦᠯᠬᠦ ᠲᠠᠯᠠᠪᠠᠢ ᠨᠢ 1179 ᠲᠡᠭᠰᠢ ᠳᠥᠷᠪᠡᠯᠵᠢᠨ ᠮᠧᠲᠷ᠂ 2011 ᠣᠨ ᠤ 2 ᠰᠠᠷ᠎ᠠ ᠳᠤ ᠤᠯᠤᠰ ᠤᠨ AA ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ 2012 ᠣᠨ ᠳᠤ ᠦᠬᠠᠢ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠤ ᠬᠤᠲᠠ ᠶᠢᠨ ᠳᠡᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠨᠡᠷᠡᠶᠢᠳᠦᠭᠳᠡᠵᠦ᠂ 2021 ᠣᠨ ᠳᠤ ᠲᠠᠯᠠᠪᠠᠢ ᠣᠷᠳᠣᠨ ᠢ ᠰᠢᠨ᠎ᠡ ᠪᠠᠷ ᠳᠡᠯᠭᠡᠨ ᠦᠵᠡᠭᠦᠯᠬᠦ ᠶᠢᠨ ᠬᠠᠮᠲᠤ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠵᠡᠢ᠃
                ᠦᠬᠠᠶ ᠶᠢᠨ ᠨᠡᠭᠦᠷᠡᠰᠦᠨ ᠤ ᠮᠦᠽᠧᠶ       ᠦᠬᠠᠢ ᠶᠢᠨ ᠨᠡᠭᠦᠷᠡᠰᠦᠨ ᠤ ᠮᠦᠽᠧᠢ ᠬᠠᠶᠢᠷᠤᠪ ᠤᠨ ᠲᠤᠬᠤᠢ ᠲᠣᠭᠤᠷᠢᠭ ᠤᠨ ᠱᠤᠸᠠᠩ  ᠶᠦᠩ ᠵᠡᠭᠡᠯᠢ ᠶᠢᠨ ᠱᠧᠨ ᠬᠤᠸᠠ ᠮᠦᠸᠧ ᠢᠦᠢ ᠠᠭᠤᠳᠠᠮ ᠲᠠᠯᠠᠪᠠᠢ ᠳᠤ ᠪᠠᠶᠢᠷᠢᠯᠠᠵᠤ᠂ ᠪᠠᠷᠢᠯᠭ᠎ᠠ ᠶᠢᠨ ᠲᠠᠯᠠᠪᠠᠢ ᠨᠢ 2305 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠭᠠᠳᠠᠷ ᠬᠡᠯᠪᠡᠷᠢ ᠨᠢ ᠡᠷᠦᠳᠡᠰᠦ ᠶᠢᠨ ᠲᠠᠯᠠᠰᠲᠤ ᠬᠡᠯᠪᠡᠷᠢ ᠲᠠᠢ ᠂ 2011 ᠣᠨ ᠤ 2 ᠰᠠᠷ᠎ᠠ ᠳᠤ᠂ ︽ᠤᠯᠤᠰ ᠤᠨ 2A ᠳᠡᠰ ᠤᠨ ᠵᠤᠭᠠᠴᠠᠯ ᠤᠨ ᠦᠵᠡᠮᠵᠢ ᠶᠢᠨ ᠣᠷᠣᠨ︾᠎ ᠢᠶᠠᠷ ᠦᠨᠡᠯᠡᠭᠳᠡᠵᠦ᠂ 2011 ᠣᠨ ᠤ 11 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠪᠦᠯᠦᠭ ︽ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ︾᠎ ᠢᠶᠠᠷ ᠦᠨᠡᠯᠡᠭᠳᠡᠪᠡ᠃
       
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号