ᠣᠶᠢᠷ᠎ᠠ ᠳᠤ᠂ ᠬᠠᠶᠢᠷᠤᠪ ᠤᠨ ᠲᠣᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢᠨ 24 ᠳ᠋ᠦᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠵᠤ᠂ ᠬᠤᠳᠠ ᠶᠢᠨ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ | ᠱᠦᠵᠢ ᠰᠦᠨ ᠬᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ | ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠪᠥᠬᠦ | ᠤᠯᠤᠰ ᠤᠨ ᠠᠬᠠᠮᠠᠳ ᠺᠠᠳ᠋ᠷᠴᠤᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠠᠮᠤᠷ | ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ | ᠵᠣᠷᠢᠭ ᠰᠠᠨᠠᠭ᠎ᠠ᠂ ︽ᠰᠢᠨ᠎ᠡ ᠴᠠᠭ ᠦᠶ᠎ᠡ ᠶᠢᠨ ᠨᠠᠰᠤᠲᠠᠶᠢᠴᠤᠳ ᠤᠨ ᠠᠵᠢᠯ ᠢ ᠴᠢᠩᠭᠠᠳᠬᠠᠬᠤ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠡᠷᠭᠡ ᠶᠢ | ᠤᠯᠠᠮᠵᠢᠯᠠᠨ ᠰᠤᠷᠤᠯᠴᠠᠪᠠ᠃ ᠬᠠᠶᠢᠷᠤᠪ ᠤᠨ ᠲᠣᠬᠤᠢ ᠲᠣᠭᠤᠷᠢᠭ ᠤᠨ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠬᠤ︾ ᠶᠢᠨ ᠬᠠᠷᠢᠭᠤ ᠲᠤᠰᠬᠠᠭᠰᠠᠨ | ᠠᠰᠠᠭᠤᠳᠠᠯ ᠪᠣᠯᠣᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ᠂ ᠬᠠᠶᠢᠷᠤᠪ ᠤᠨ ᠲᠣᠬᠤᠢ ᠲᠣᠭᠤᠷᠢᠭ ᠤᠨ 2021 ᠣᠨ ᠤ ᠢᠳᠡᠭᠡᠨ ᠤ ᠠᠮᠤᠷ ᠲᠦᠪᠰᠢᠨ ᠤ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠬᠠᠶᠢᠷᠤᠪ ᠤᠨ ᠲᠣᠬᠤᠢ ᠲᠣᠭᠤᠷᠢᠭ ᠤᠨ 2021 ᠣᠨ ᠤ | ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠬᠠᠶᠢᠷᠤᠪ ᠤᠨ ᠲᠣᠬᠤᠢ | ᠲᠣᠭᠤᠷᠢᠭ ᠤᠨ 2021 ᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠡᠭᠦᠨ ᠤ ᠬᠠᠮᠲᠤ ᠬᠠᠶᠢᠷᠤᠪ ᠤᠨ ᠲᠤᠬᠤᠢ ᠲᠣᠭᠤᠷᠢᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠲᠣᠬᠢᠷᠠᠭᠤᠯᠤᠨ ᠪᠠᠶᠢᠷᠢᠯᠠᠭᠤᠯᠵᠠᠢ᠃ | | | ᠰᠦᠨ ᠬᠤᠤ᠂ ᠬᠠᠶᠢᠷᠤᠪ ᠤᠨ ᠲᠣᠬᠤᠢ ᠲᠣᠭᠤᠷᠢᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠳᠣᠲᠣᠭᠠᠳᠤ ᠶᠢᠨ ᠬᠠᠤᠯᠢ ᠳᠦᠷᠢᠮ ᠤᠨ ᠪᠠᠶᠢᠭᠤᠯᠤᠯᠲᠠ ᠶᠢᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠦᠬᠦ ᠤᠯᠤᠰ ᠤᠨ | ᠨᠠᠮ ᠤᠨ ᠳᠣᠲᠣᠭᠠᠳᠤ ᠶᠢᠨ ᠬᠠᠤᠯᠢ ᠳᠦᠷᠢᠮ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠦᠷᠢᠮ ᠶᠣᠰᠣᠭᠠᠷ ᠨᠠᠮ ᠢ ᠵᠠᠰᠠᠬᠤ ᠤᠬᠠᠮᠰᠠᠷᠲᠤ ᠴᠢᠨᠠᠷ ᠪᠣᠯᠣᠨ ᠡᠷᠡᠰ | ᠪᠠᠲᠤ ᠴᠢᠨᠠᠷ ᠢᠶᠠᠨ ᠦᠨᠡᠨᠬᠦ ᠴᠢᠩᠭᠠᠳᠬᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠳᠣᠲᠣᠭᠠᠳᠤ ᠶᠢᠨ | ᠬᠠᠤᠯᠢ ᠳᠦᠷᠢᠮ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠨᠠᠮ ᠤᠨ | ᠳᠣᠲᠣᠭᠠᠳᠤ ᠶᠢᠨ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ | ᠠᠬᠢᠭᠤᠯᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠳᠦᠷᠢᠮ ᠤᠨ ᠬᠡᠷᠡᠭᠵᠢᠭᠦᠯᠦᠯᠲᠡ ᠶᠢᠨ ᠪᠠᠶᠢᠳᠠᠯ ᠢ | ᠱᠠᠯᠠᠪᠳᠠᠭᠤᠯᠤᠨ ᠪᠠᠶᠢᠴᠠᠭᠠᠬᠤ᠂ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠬᠤ ᠶᠢᠨ ᠴᠢᠬᠤᠯᠠ ᠠᠭᠤᠯᠭ᠎ᠠ | ᠪᠣᠯᠭᠠᠵᠤ᠂ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠵᠤ᠂ ᠡᠯ᠎ᠡ | ᠵᠦᠢᠯ ᠤᠨ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠠᠮ ᠤᠨ | ᠳᠣᠲᠣᠭᠠᠳᠤ ᠶᠢᠨ ᠬᠠᠤᠯᠢ ᠲᠣᠭᠲᠠᠭᠠᠯ ᠢ ᠦᠨᠡᠨ ᠬᠦ ︽ᠴᠠᠬᠢᠯᠭᠠᠨ ᠲᠠᠢ ᠥᠨᠳᠥᠷ ᠬᠦᠴᠦᠳᠡᠯᠲᠦ ᠴᠠᠬᠢᠯᠭᠠᠨ ᠤᠲᠠᠰᠤ︾ | ᠪᠣᠯᠭᠠᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠠᠬᠠᠮᠠᠳ | ᠺᠠᠳ᠋ᠷᠴᠤᠳ ᠤᠨ ᠠᠵᠢᠯ ᠤᠨ ᠤᠷᠤᠭᠰᠢᠯᠠᠯᠲᠠ ᠶᠢᠨ ᠴᠢᠭᠯᠡᠯ ᠢ ᠣᠨᠣᠪᠴᠢᠲᠠᠢ ᠡᠵᠡᠮᠳᠡᠬᠦ ᠬᠡᠷᠡᠭᠲᠡᠢ᠃ᠠᠬᠠᠮᠠᠳ | ᠺᠠᠳ᠋ᠷᠴᠤᠳ ᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠬᠤᠳᠠ ᠶᠢᠨ ᠪᠦᠲᠦᠭᠡᠨ ᠪᠠᠶᠢᠭᠤᠯᠤᠯᠲᠠ᠂ | ᠦᠨᠳᠦᠰᠦᠨ ᠱᠠᠲᠤᠨ ᠤ ᠵᠠᠰᠠᠯᠲᠠ ᠵᠡᠷᠭᠡ ᠠᠵᠢᠯ ᠤᠨ ᠳᠤᠮᠳᠠ ᠠᠷᠭ᠎ᠠ ᠤᠬᠠᠭᠠᠨ ᠬᠦᠴᠦᠨ ᠴᠢᠳᠠᠯ ᠢᠶᠠᠨ | ᠡᠷᠭᠦᠭᠦᠯᠦᠨᠡ᠃ ᠨᠢᠭᠡᠳᠦᠯᠲᠡᠢ ᠲᠥᠯᠥᠪᠵᠢᠭᠦᠯᠦᠨ ᠤᠳᠤᠷᠢᠳᠬᠤ ᠪᠠᠨ ᠴᠢᠩᠭᠠᠳᠬᠠᠵᠤ᠂ ᠠᠬᠠᠮᠠᠳ ᠺᠠᠳ᠋ᠷᠴᠤᠳ ᠤᠨ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠮᠤᠷ ᠲᠦᠪᠰᠢᠨ ᠤ ᠪᠠᠶᠢᠭᠤᠯᠤᠯᠲᠠ ᠶᠢ | ᠨᠢᠭᠡᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠢᠭᠡ ᠲᠠᠯ᠎ᠠ ᠶᠢᠨ ᠬᠥᠭᠵᠢᠯᠲᠡ ᠶᠢ ᠠᠬᠢᠭᠤᠯᠬᠤ᠂ ᠨᠢᠭᠡ | ᠲᠠᠯ᠎ᠠ ᠶᠢᠨ ᠠᠮᠤᠷ ᠲᠦᠪᠰᠢᠨ ᠢ ᠪᠠᠲᠤᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ᠃ | ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠤᠨ ᠪᠠᠶᠢᠷᠢᠰᠢᠯ ᠢ | ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠲᠤᠰ ᠬᠦᠷᠢᠶ᠎ᠡ ᠲᠤᠰ ᠰᠢᠰᠲ᠋ᠧᠮ ᠲᠤᠰ ᠠᠵᠢᠯ ᠲᠦᠷᠦᠯ ᠤᠨ | ᠠᠮᠤᠷ ᠲᠦᠪᠰᠢᠨ ᠤ ᠪᠠᠶᠢᠭᠤᠯᠤᠯᠲᠠ ᠶᠢ ᠲᠤᠬᠠᠶᠢᠯᠠᠭᠰᠠᠨ ᠠᠵᠢᠯ ᠲᠠᠢ ᠤᠶᠠᠯᠳᠤᠭᠤᠯᠵᠤ᠂ ᠠᠵᠢᠯ ᠲᠦᠷᠦᠯ ᠤᠨ | ᠬᠥᠭᠵᠢᠯᠲᠡ ᠪᠣᠯᠣᠨ ᠠᠮᠤᠷ ᠲᠦᠪᠰᠢᠨ ᠤ ᠪᠠᠲᠤᠯᠠᠭ᠎ᠠ ᠶᠢ ᠵᠡᠷᠭᠡᠪᠡᠷ ᠠᠬᠢᠭᠤᠯᠬᠤ ᠶᠢ ᠪᠠᠲᠤᠯᠠᠵᠤ᠂ ᠬᠠᠶᠢᠷᠤᠪ ᠤᠨ | ᠲᠤᠬᠤᠢ ᠲᠤᠭᠤᠷᠢᠭ ᠤᠨ ᠡᠶ᠎ᠡ ᠵᠣᠬᠢᠴᠠᠩᠭᠤᠢ ᠲᠣᠭᠲᠠᠭᠤᠨ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃ | ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ | ᠨᠢᠭᠡ ᠮᠥᠴᠡ ᠵᠤᠭ᠎ᠠ ᠴᠡᠩᠭᠡᠯ ᠠᠮᠢᠳᠤᠷᠠᠯ ᠤᠨ ᠬᠦᠷᠢᠶ᠎ᠡ ᠵᠡᠷᠭᠡ ᠠᠵᠢᠯ ᠲᠠᠢ ᠤᠶᠠᠯᠳᠤᠭᠤᠯᠤᠨ᠂ ᠨᠠᠰᠤᠵᠢᠯ ᠤᠨ | ᠠᠰᠠᠷᠠᠮᠵᠢ᠂ ᠡᠷᠡᠭᠦᠯ ᠮᠡᠨᠳᠦ ᠵᠡᠷᠭᠡ ᠬᠦᠷᠢᠶᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠰᠤᠲᠠᠶᠢᠴᠤᠳ ᠤᠨ ᠦᠢᠯᠡᠰ ᠪᠠ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠨᠠᠰᠤᠲᠠᠶᠢᠴᠤᠳ ᠤᠨ ᠤᠯᠠᠨ ᠳᠡᠰ ᠳᠠᠪᠬᠤᠷᠭ᠎ᠠ᠂ ᠤᠯᠠᠨ ᠶᠠᠩᠵᠤ ᠶᠢᠨ ᠬᠡᠷᠡᠭᠴᠡᠭᠡ ᠶᠢ | ᠬᠠᠩᠭᠠᠵᠤ᠂ ᠨᠠᠰᠤᠲᠠᠨ ᠢᠶᠠᠨ ᠠᠰᠠᠷᠠᠵᠤ ᠨᠠᠰᠤᠲᠠᠨ ᠢᠶᠠᠨ ᠬᠦᠨᠳᠦᠯᠡᠬᠦ ᠨᠡᠶᠢᠭᠡᠮ ᠤᠨ ᠠᠭᠤᠷ ᠠᠮᠢᠰᠬᠤᠯ ᠢ ᠪᠤᠢ | ᠪᠣᠯᠭᠠᠵᠤ᠂ ᠨᠠᠰᠤᠲᠠᠶᠢᠴᠤᠳ ᠢ ᠬᠠᠪᠰᠤᠷᠤᠨ ︽ᠲᠣᠭᠠᠨ ᠤ ᠵᠠᠭᠠᠭ︾ ᠢ ᠠᠷᠢᠯᠭᠠᠵᠤ᠂ ᠰᠢᠨ᠎ᠡ ᠴᠠᠭ ᠦᠶ᠎ᠡ ᠶᠢᠨ ᠪᠦᠬᠦ | ᠲᠤᠭᠤᠷᠢᠭ ᠤᠨ ᠨᠠᠰᠤᠲᠠᠶᠢᠴᠤᠳ ᠤᠨ ᠦᠢᠯᠡᠰ ᠤᠨ ᠬᠥᠭᠵᠢᠯᠲᠡ ᠶᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ | ᠬᠡᠷᠡᠭᠲᠡᠢ᠃ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠨᠠᠯᠲᠠ ᠲᠠᠯᠪᠢᠬᠤ | ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠠᠰᠠᠭᠤᠳᠠᠯ ᠢ ᠡᠷᠢᠬᠦ᠂ ᠦᠷᠭᠦᠯᠵᠢ ᠰᠠᠨᠠᠭᠤᠯᠬᠤ᠂ | ᠡᠪᠡᠳᠴᠢᠯᠡᠬᠦ ᠠᠴᠠ ᠡᠮᠦᠨ᠎ᠡ ᠵᠠᠰᠠᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠢᠯᠵᠢᠷᠡᠯ ᠢ ᠡᠰᠡᠷᠭᠦᠴᠡᠬᠦ ᠰᠦᠷ | ᠬᠦᠴᠦᠲᠦ ᠪᠠᠶᠢᠳᠠᠯ ᠢ ᠪᠠᠲᠤᠯᠠᠵᠤ᠂ ᠢᠯᠵᠢᠷᠡᠯ ᠢ ᠡᠰᠡᠷᠭᠦᠴᠡᠬᠦ ᠳᠤ ᠬᠤᠷᠢᠭᠠᠲᠤ ᠣᠷᠣᠨ ᠦᠭᠡᠢ᠂ ᠪᠦᠬᠦᠨ ᠢ | ᠪᠦᠷᠬᠦᠭᠦᠯᠬᠦ᠂ ᠥᠴᠥᠬᠡᠨ ᠴᠦ ᠬᠦᠯᠢᠴᠡᠬᠦ ᠦᠭᠡᠢ ᠪᠠᠶᠢᠬᠤ ᠶᠢ ᠪᠠᠷᠢᠮᠲᠠᠯᠠᠵᠤ᠂ ᠴᠢᠩᠭ᠎ᠠ ᠬᠤᠷᠢᠭᠯᠠᠬᠤ᠂ ᠴᠢᠩᠭ᠎ᠠ | ᠳᠠᠷᠤᠯᠲᠠ ᠦᠵᠡᠭᠦᠯᠬᠦ᠂ ᠤᠷᠲᠤ ᠬᠤᠭᠤᠴᠠᠭ᠎ᠠ ᠪᠠᠷ ᠰᠦᠷᠳᠡᠭᠦᠯᠬᠦ ᠶᠢ ᠪᠠᠷᠢᠮᠲᠠᠯᠠᠵᠤ᠂ ᠢᠯᠵᠢᠷᠡᠬᠦ ᠠᠴᠠ ᠵᠢᠷᠦᠬᠡᠰᠢᠶᠡᠬᠦ᠂ | ᠢᠯᠵᠢᠷᠡᠵᠦ ᠪᠣᠯᠬᠤ ᠦᠭᠡᠢ᠂ ᠢᠯᠵᠢᠷᠡᠬᠦ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ | ᠡᠰᠡᠷᠭᠦᠴᠡᠬᠦ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠵᠤ᠂ ᠬᠠᠶᠢᠷᠤᠪ ᠤᠨ ᠲᠤᠬᠤᠢ | ᠲᠤᠭᠤᠷᠢᠭ ᠤᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠬᠦ ᠬᠡᠷᠡᠭᠲᠡᠢ᠃ ᠪᠣᠬᠢᠷᠳᠤᠯ ᠢ | ᠪᠠᠭᠠᠰᠬᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ | ᠨᠡᠮᠡᠭᠳᠡᠭᠦᠯᠬᠦ ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠠᠵᠢᠯ ᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ | ᠪᠠᠶᠢᠷᠢᠰᠢᠭᠤᠯᠤᠯᠲᠠ ᠳᠤ ᠣᠷᠣᠭᠤᠯᠵᠤ᠂ ᠠᠵᠤ ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ᠂ ᠵᠠᠮ | ᠬᠠᠷᠢᠯᠴᠠᠭᠠᠨ ᠤ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠵᠦ᠂ ᠪᠣᠬᠢᠷᠳᠤᠯ ᠦᠭᠡᠢ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠪᠣᠯᠣᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠶᠢᠳᠬᠡᠬᠦ ᠶᠢ ᠪᠦᠬᠦ | ᠬᠦᠴᠦᠨ ᠢᠶᠠᠷ ᠠᠬᠢᠭᠤᠯᠵᠤ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ | ᠵᠠᠰᠠᠬᠤ ᠶᠢ ᠦᠷᠭᠦᠯᠵᠢᠯᠡᠨ ᠠᠬᠢᠭᠤᠯᠵᠤ᠂ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠡᠷᠡᠰ ᠰᠠᠶᠢᠲᠤᠷ | ᠬᠢᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ | ᠨᠢᠭᠡᠴᠡ ᠶᠢᠨ ᠬᠢᠨ ᠤᠯᠤᠰ ᠲᠥᠷᠥ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ | ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠢᠳᠡᠭᠡᠨ ᠤ ᠠᠮᠤᠷ ᠲᠦᠪᠰᠢᠨ ᠤ | ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠰᠠᠭᠤᠳᠠᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ | ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠢᠳᠡᠭᠡᠨ ᠤ ᠠᠮᠤᠷ ᠲᠦᠪᠰᠢᠨ ᠤ ᠬᠢᠨᠠᠨ | ᠬᠠᠮᠢᠶᠠᠷᠬᠤ ᠴᠢᠳᠠᠪᠤᠷᠢ ᠪᠠ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠢᠳᠡᠭᠡᠨ ᠤ | ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠵᠡᠷᠭᠡ ᠠᠵᠢᠯ ᠢ ᠰᠠᠶᠢᠲᠤᠷ ᠬᠢᠵᠦ᠂ | ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠰᠤᠳᠤᠯᠤᠨ᠂ ᠴᠠᠭ ᠲᠤᠬᠠᠢ ᠳᠤᠨᠢ ᠰᠢᠢᠳᠪᠦᠷᠢᠯᠡᠵᠦ᠂ | ᠢᠳᠡᠭᠡᠨ ᠤ ᠠᠮᠤᠷ ᠲᠦᠪᠰᠢᠨ ᠢ ᠬᠠᠮᠵᠢᠯᠴᠠᠨ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠨ᠎ᠠ᠃ | ᠰᠢᠲᠠᠮᠠᠬᠠᠢ ᠬᠡᠢ ᠶᠢ ᠡᠷᠦᠬᠡ ᠳᠤ ᠣᠷᠣᠭᠤᠯᠵᠤ ᠵᠢᠭᠰᠠᠭᠠᠨ ᠪᠠᠶᠢᠴᠠᠭᠠᠬᠤ ᠠᠵᠢᠯ ᠢ ᠨᠢᠭᠡᠳᠦᠯᠲᠡᠢ ᠲᠥᠯᠥᠪᠯᠡᠨ | ᠰᠠᠶᠢᠲᠤᠷ ᠬᠢᠵᠦ᠂ ᠵᠢᠭᠰᠠᠭᠠᠨ ᠪᠠᠶᠢᠴᠠᠭᠠᠬᠤ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠨ᠂ ᠠᠵᠢᠯ ᠤᠨ ᠠᠷᠭ᠎ᠠ | ᠬᠡᠮᠵᠢᠶ᠎ᠡ ᠶᠢ ᠨᠠᠷᠢᠯᠢᠭᠵᠢᠭᠤᠯᠵᠤ᠂ ᠢᠯᠡᠷᠡᠭᠦᠯᠦᠭᠰᠡᠨ ᠠᠰᠠᠭᠤᠳᠠᠯ ᠤᠨ ᠳᠠᠯᠳᠠ ᠬᠡᠮ ᠢ ᠲᠡᠷᠡ ᠳᠠᠷᠤᠢ ᠳᠤᠨᠢ | ᠪᠠᠶᠢᠴᠠᠭᠠᠵᠤ ᠲᠡᠷᠡ ᠳᠠᠷᠤᠢ ᠳᠤᠨᠢ ᠥᠭᠡᠷᠡᠴᠢᠯᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠥᠭᠡᠷᠡᠴᠢᠯᠡᠯᠲᠡ ᠶᠢᠨ | ᠰᠢᠨ᠎ᠡ ᠶᠢ ᠡᠭᠦᠳᠬᠦ ᠤᠬᠠᠮᠰᠠᠷ ᠢᠶᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠥᠭᠡᠷᠡᠴᠢᠯᠡᠯᠲᠡ ᠶᠢᠨ | ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠬᠠᠶᠢᠨ ᠰᠦᠪᠡᠭᠴᠢᠯᠡᠵᠦ᠂ ᠡᠴᠦᠰ ᠲᠤᠨᠢ ᠲᠤᠯᠲᠠᠯ᠎ᠠ | ᠬᠢᠴᠢᠶᠡᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠡᠳᠦᠷ ᠳᠤᠳᠤᠮ ᠤᠨ ᠠᠵᠢᠯ ᠢ ᠪᠣᠯᠭᠤᠮᠵᠢᠲᠠᠢ ᠨᠠᠷᠢᠨ | ᠨᠢᠮᠪᠠᠢ ᠰᠠᠶᠢᠲᠤᠷ ᠠᠳᠬᠤᠵᠤ᠂ ᠠᠳᠡᠯ ᠭᠠᠷᠬᠤ ᠦᠭᠡᠢ᠂ ᠠᠮᠤᠷ ᠲᠦᠪᠰᠢᠨ ᠤ ᠪᠠᠶᠢᠳᠠᠯ ᠢ ᠬᠤᠪᠢᠷᠠᠭᠤᠯᠬᠤ ᠦᠭᠡᠢ | ᠪᠠᠶᠢᠬᠤ ᠶᠢ ᠪᠠᠲᠤᠯᠠᠬᠤ ᠬᠡᠷᠡᠭᠲᠡᠢ ᠭᠡᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | | | | |