︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠤᠶᠢᠯᠡ ᠠᠵᠢᠯᠯᠠᠭ᠎ᠠ ᠶᠢ ᠠᠬᠢᠭᠤᠯᠬᠤ | ᠲᠦᠷᠢᠮ︾ ︵︽ᠲᠦᠷᠢᠮ︾ ᠭᠡᠵᠦ ᠲᠣᠪᠴᠢᠯᠠᠨ᠎ᠠ︶ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠣᠯᠠᠨ ᠲᠦᠮᠡᠨ ᠤ ︽ᠲᠦᠷᠢᠮ︾ ᠢ ᠣᠶᠢᠯᠠᠭᠠᠬᠤ | ᠨᠣᠷᠮ᠎ᠠ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠪᠣᠯᠪᠠᠰᠤᠨ ᠬᠡᠪ ᠰᠤᠷᠲᠠᠯ ᠤᠨ ᠳᠠᠭᠠᠭᠤᠯᠤᠭᠴᠢ᠂ | ᠤᠶᠢᠯᠡᠳᠤᠯᠭᠡᠵᠢᠭᠦᠯᠦᠭᠴᠢ ᠪᠣᠯᠬᠤ ᠪᠠᠷ ᠴᠢᠷᠮᠠᠶᠢᠬᠤ ᠶᠢᠨ ᠲᠥᠯᠥᠭᠡ᠂ ᠣᠶᠢᠷ᠎ᠠ ᠳᠤ᠂ ᠬᠠᠶᠢᠷᠤᠪ ᠤᠨ ᠲᠤᠬᠤᠢ | ᠲᠤᠭᠤᠷᠢᠭ ᠤᠨ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ︽ᠲᠦᠷᠢᠮ︾ ᠢ ᠤᠬᠠᠭᠤᠯᠤᠨ ᠲᠠᠶᠢᠯᠪᠤᠷᠢᠯᠠᠬᠤ | ᠠᠵᠢᠯᠯᠠᠭ᠎ᠠ ᠥᠷᠨᠢᠭᠦᠯᠪᠡ᠃ ᠬᠠᠶᠢᠷᠤᠪ ᠤᠨ ᠲᠤᠬᠤᠢ ᠲᠤᠭᠤᠷᠢᠭ ᠤᠨ ᠡᠯ᠎ᠡ ᠱᠠᠲᠤᠨ ᠤ ᠪᠣᠯᠪᠠᠰᠤᠨ ᠨᠢᠭᠡᠴᠡ᠂ | ᠶᠣᠰᠣ ᠰᠤᠷᠲᠠᠬᠤᠨ ᠤ ᠵᠢᠱᠢᠶᠡᠴᠢ᠂ ᠳᠡᠷᠭᠡᠳᠡᠬᠢ ᠰᠠᠶᠢᠨ ᠬᠥᠮᠦᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠤᠶᠤᠨ ᠤ ᠪᠣᠯᠪᠠᠰᠤᠨ ᠤ ᠠᠵᠢᠯᠯᠠᠭᠴᠢ ᠵᠢᠴᠢ ᠰᠠᠭᠤᠭᠠᠯᠢ ᠠᠷᠠᠳ ᠤᠨ ᠲᠥᠯᠥᠭᠡᠯᠡᠭᠴᠢ ᠤᠬᠠᠭᠤᠯᠤᠨ | ᠲᠠᠶᠢᠯᠪᠤᠷᠢᠯᠠᠬᠤ ᠶᠢ ᠰᠣᠨᠣᠰᠴᠠᠢ᠃ | ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠡᠭᠦᠳᠦᠨ ᠪᠠᠶᠢᠭᠤᠯᠬᠤ ᠰᠠᠯᠠᠭᠠᠨ ᠤ | ᠠᠵᠢᠯᠲᠠᠳ ︽ᠳᠦᠷᠢᠮ︾ ᠤᠨ ᠠᠭᠤᠯᠭ᠎ᠠ ᠶᠢᠨ ᠲᠠᠯ᠎ᠠ ᠪᠠᠷ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠤᠨ | ᠲᠥᠯᠥᠭᠡᠯᠡᠭᠴᠢᠳ ᠲᠤ ᠨᠠᠷᠢᠨ ᠲᠠᠶᠢᠯᠪᠤᠷᠢᠯᠠᠯᠲᠠ ᠬᠢᠭᠰᠡᠨ ᠪᠥᠭᠡᠳ ︽ᠳᠦᠷᠢᠮ︾ ᠤᠨ ᠠᠭᠤᠯᠭ᠎ᠠ ᠶᠢ ᠰᠠᠶᠢᠲᠤᠷ | ᠰᠤᠷᠤᠯᠴᠠᠵᠤ᠂ ᠳᠦᠷᠢᠮ ᠤᠨ ᠵᠣᠷᠢᠭ ᠰᠠᠨᠠᠭ᠎ᠠ ᠶᠢ ᠥᠪᠡᠷ ᠤᠨ ᠪᠣᠯᠪᠠᠰᠤᠨ ᠤ ᠬᠡᠪ ᠪᠣᠯᠪᠠᠰᠤᠷᠠᠯ ᠪᠣᠯᠭᠠᠨ | ᠬᠤᠪᠢᠷᠠᠭᠤᠯᠵᠤ᠂ ᠪᠠᠭ᠎ᠠ ᠬᠠᠷᠠᠯᠲᠠ ᠶᠢᠨ ᠬᠤᠷᠠᠮᠳᠤᠭᠤᠯᠤᠯ ᠢᠶᠠᠷ ᠳᠡᠮᠵᠢᠨ ᠡᠴᠦᠰ ᠲᠡᠭᠡᠨ ᠬᠥᠮᠦᠨ ᠤ ᠠᠮᠢᠳᠤᠷᠠᠯ ᠤᠨ | ᠶᠡᠭᠡ ᠬᠠᠷᠠᠯᠲᠠ ᠪᠠᠨ ᠪᠡᠶᠡᠯᠡᠭᠦᠯᠵᠦ᠂ ᠬᠤᠪᠢ ᠬᠥᠮᠦᠨ ᠤ ᠪᠣᠯᠪᠠᠰᠤᠨ ᠤ ᠬᠡᠪ ᠴᠢᠨᠠᠷ ᠢᠶᠠᠨ ᠳᠡᠭᠡᠭᠰᠢᠯᠡᠭᠦᠯᠦᠨ᠂ | ᠪᠣᠯᠪᠠᠰᠤᠨ ᠢᠶᠠᠷ ᠥᠪᠡᠷ ᠢ ᠪᠠᠨ ᠴᠠᠭ ᠦᠶ᠎ᠡ ᠶᠢᠨ ᠰᠢᠨ᠎ᠡ ᠬᠥᠮᠦᠨ ᠪᠣᠯᠭᠠᠬᠤ ᠳᠤ ᠬᠦᠴᠦᠨ ᠨᠡᠮᠡᠷᠢᠯᠡᠬᠦ ᠶᠢ | ᠰᠠᠨᠠᠭᠠᠴᠢᠯᠠᠵᠠᠶ᠃ | ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠤᠭᠤᠷᠢᠭ ᠤᠨ ᠤᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠠᠯᠪᠠᠨ ᠭᠡᠷ ︽ᠲᠦᠷᠢᠮ︾ ᠤᠨ ᠰᠤᠷᠤᠯᠴᠠᠯᠭ᠎ᠠ ᠤᠬᠠᠭᠤᠯᠭ᠎ᠠ ᠶᠢ ᠦᠷᠭᠦᠯᠵᠢᠯᠡᠨ ᠠᠬᠢᠭᠤᠯᠵᠤ᠂ | ᠥᠷᠭᠡᠨ ᠤᠯᠠᠨ ᠨᠠᠮ ᠤᠨ ᠭᠡᠰᠢᠭᠦᠨ ᠤᠯᠠᠨ ᠲᠦᠮᠡᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠲᠤᠰ | ᠪᠡᠶ᠎ᠡ ᠶᠢᠨ ᠪᠣᠯᠪᠠᠰᠤᠨ ᠤ ᠬᠡᠪ ᠪᠣᠯᠪᠠᠰᠤᠷᠠᠯ ᠢ ᠨᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ︽ᠲᠦᠷᠢᠮ︾ ᠤᠨ | ᠠᠭᠤᠯᠭ᠎ᠠ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠮᠠᠨ ᠤ ᠬᠤᠳᠠ ᠶᠢᠨ ᠪᠦᠬᠦ | ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ | |