ᠬᠠᠶᠢᠷᠤᠪ ᠤᠨ ᠲᠤᠬᠤᠢ ᠲᠤᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠤᠨ ᠭᠤᠣᠯ ᠳᠤᠭᠤᠶᠢᠯᠠᠩ ᠤᠨ 2022 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/1/19
     1 ᠰᠠᠷ᠎ᠠ ᠶᠢᠨ 17᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ᠃
     
      ᠬᠤᠷᠠᠯ ᠳᠡᠭᠡᠷ᠎ᠡ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ︽ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠪᠠᠷᠢᠮᠲᠠᠯᠠᠨ ᠬᠥᠭᠵᠢᠭᠦᠯᠵᠦ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠵᠤᠵᠠᠭᠠᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠠᠷᠠᠳ ᠤᠯᠠᠨ ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠰᠢᠯᠭᠠᠯᠲᠠ ᠳᠤ ᠣᠷᠣᠯᠴᠠᠬᠤ ᠵᠠᠮ ᠢᠶᠠᠷ ᠰᠠᠶᠢᠲᠤᠷ ᠵᠠᠮᠨᠠᠬᠤ︾ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠪᠠ᠃ ᠬᠤᠪᠢ ᠬᠥᠮᠦᠨ ᠤ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠰᠤᠳᠤᠯᠤᠨ ᠶᠠᠷᠢᠯᠴᠠᠵᠤ ᠰᠣᠯᠢᠯᠴᠠᠬᠤ ᠠᠵᠢᠯ ᠢ ᠥᠷᠨᠢᠭᠦᠯᠦᠨ᠎ᠡ᠃      ᠰᠦᠨ ᠬᠤᠤ ᠵᠢᠭᠠᠵᠤ ᠭᠠᠷᠭᠠᠭᠰᠠᠨ ᠨᠢ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠨᠠᠮ ᠤᠨ ᠲᠥᠪ ᠬᠤᠷᠢᠶᠠᠨ ᠤ ᠰᠢᠢᠤᠡᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠣᠳᠠᠲᠠᠶ ᠠᠵᠢᠯ ᠤᠨ ᠱᠠᠭᠠᠷᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠠ ᠬᠤᠲᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠪᠠᠷᠢᠮᠲᠠᠯᠠᠨ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠯᠡᠬᠦ ᠪᠠᠨ ᠴᠢᠩᠭᠠᠳᠬᠠᠵᠤ᠂ ᠡᠯ᠎ᠡ ᠵᠤᠶᠢᠯ ᠤᠨ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ᠂ ᠰᠢᠨ᠎ᠡ ᠪᠠᠶᠢᠳᠠᠯ ᠢ ᠡᠭᠦᠳᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠠᠢ᠃       ᠰᠦᠨ ᠬᠤᠤ᠄ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠨᠤᠯ ᠢᠶᠠᠷ ᠵᠡᠪᠰᠡᠭᠯᠡᠬᠦ ᠪᠠᠨ ᠴᠢᠩᠭᠠᠳᠬᠠᠵᠤ᠂ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠰᠠᠶᠢᠲᠤᠷ ᠡᠵᠡᠮᠰᠢᠨ ᠬᠡᠷᠡᠭᠯᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ ᠪᠦᠲᠦᠮᠵᠢᠲᠡᠢ ᠠᠵᠢᠯ ᠤᠨ ᠰᠡᠳᠬᠢᠴᠡ ᠪᠣᠯᠤᠨ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠳᠡᠭᠡᠳᠦ ᠬᠡᠮᠵᠢᠶᠡᠨ ᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠢᠶᠠᠷ ᠬᠠᠶᠢᠷᠤᠪ ᠤᠨ ᠲᠤᠬᠤᠢ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠰᠲ᠋ᠧᠮᠲᠦ ᠰᠡᠳᠬᠢᠬᠦᠢ ᠶᠢ ᠪᠠᠲᠤ ᠪᠠᠬᠢ ᠪᠤᠢ ᠪᠣᠯᠭᠠᠵᠤ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠭᠦᠨᠵᠡᠭᠡᠢ ᠬᠡᠷᠡᠭᠵᠢᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠶᠡᠬᠡᠪᠡᠷ ᠠᠬᠢᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠪᠣᠳᠠᠲᠤ ᠪᠠᠶᠢᠳᠠᠯ ᠳᠤ ᠭᠦᠨᠵᠡᠭᠡᠶᠢᠷᠡᠨ᠂ ᠦᠨᠳᠦᠰᠦᠨ ᠱᠠᠳᠤ᠂ ᠤᠯᠠᠨ ᠲᠦᠮᠡᠨ ᠳᠤ ᠭᠦᠨᠵᠡᠭᠡᠶᠢᠷᠡᠵᠦ᠂ ᠨᠠᠮ ᠪᠣᠯᠤᠨ ᠠᠷᠠᠳ ᠤᠯᠠᠨ ᠤ ᠬᠤᠭᠤᠷᠣᠨᠳᠣᠬᠢ ᠴᠢᠰᠤ ᠮᠢᠬᠠᠨ ᠤ ᠪᠠᠷᠢᠯᠳᠤᠯᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠤᠯᠠᠨ ᠤ ᠪᠣᠳᠠᠲᠠᠶ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ  ᠰᠢᠢᠤᠡᠪᠤᠷᠢᠯᠡᠵᠤ᠂ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠨᠠᠮ ᠳᠠᠬᠢ ᠢᠲᠡᠭᠡᠯ ᠢ ᠨᠡᠮᠡᠭᠳᠡᠭᠦᠯᠬᠦ  ᠬᠡᠷᠡᠭᠲᠡᠶ ᠭᠡᠵᠠᠢ᠃      ᠰᠦᠨ ᠬᠤᠤ ᠴᠢᠬᠤᠯᠠᠴᠢᠯᠠᠭᠰᠠᠨ ᠨᠢ᠂ ᠬᠠᠶᠢᠷᠤᠪ ᠤᠨ ᠲᠤᠬᠤᠢ ᠶᠢᠨ ᠡᠯ᠎ᠡ ᠲᠣᠭᠤᠷᠢᠭ ᠤᠨ ᠳᠡᠰ ᠤᠨ ᠤᠳᠤᠷᠢᠳᠤᠯᠭ᠎ᠠ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ︽ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠠᠵᠢᠯ ᠤᠨ ᠲᠥᠰᠦᠯ︾᠎ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠬᠡᠪ ᠳᠠᠭᠤᠷᠢᠶᠠᠯ ᠢ ᠥᠨᠳᠥᠷ ᠪᠣᠯᠭᠠᠨ  ᠵᠦᠷᠢᠶ᠎ᠡ ᠶᠢ ᠡᠷᠢᠬᠦ᠂ ᠮᠢᠺᠷᠣᠰᠺᠣᠫ ᠢᠶᠠᠷ ᠠᠰᠠᠭᠤᠳᠠᠯ ᠢ ᠡᠷᠢᠬᠦ ᠶᠢ ᠪᠠᠷᠢᠮᠲᠠᠯᠠᠵᠤ᠂ ᠥᠪᠡᠷ ᠤᠨ ᠪᠡᠶ᠎ᠡ ᠪᠠᠨ ᠣᠷᠣᠭᠤᠯᠵᠤ᠂ ᠡᠭᠦᠷᠭᠡ ᠬᠠᠷᠢᠭᠤᠴᠠᠯᠭ᠎ᠠ ᠪᠠᠨ ᠣᠷᠣᠭᠤᠯᠵᠤ᠂ ᠠᠵᠢᠯ ᠢᠶᠠᠨ ᠬᠢᠵᠦ᠂ ᠬᠠᠷᠢᠴᠠᠭᠤᠯᠤᠭᠰᠠᠨ ᠪᠠᠶᠢᠴᠠᠭᠠᠯᠲᠠ ᠶᠢᠨ  ᠮᠠᠲ᠋ᠧᠷᠢᠶᠠᠯ ᠢ ᠴᠢᠨᠠᠷ ᠰᠠᠶᠢᠲᠠᠢ ᠪᠢᠴᠢᠬᠦ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠰᠠᠭᠤᠳᠠᠯ ᠤᠨ ᠨᠠᠷᠢᠨ ᠳᠠᠩᠰᠠ ᠶᠢ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠪᠠᠶᠢᠩᠭᠤ ᠶᠢᠨ ᠪᠠ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠠᠬᠢᠭᠤᠯᠬᠤ ᠬᠡᠷᠡᠭᠲᠡᠢ᠃ ᠤᠳᠤᠷᠢᠳᠬᠤ ᠪᠠᠭ ᠤᠨ ᠪᠦᠷᠢᠯᠳᠦᠬᠦᠨ ᠨᠡᠷ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠵᠤ᠂ ᠵᠢᠱᠢᠶ᠎ᠡ ᠦᠵᠡᠭᠦᠯᠬᠦ ᠠᠵᠢᠯ ᠢ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠨᠠᠷᠢᠨ ᠨᠢᠮᠪᠠᠢ ᠨᠠᠶᠢᠳᠠᠪᠤᠷᠢᠵᠢᠭᠤᠯᠤᠨ ᠪᠣᠳᠠᠲᠠᠢ ᠨᠠᠶᠢᠳᠠᠪᠤᠷᠢᠵᠢᠭᠤᠯᠵᠤ᠂ ᠬᠥᠮᠦᠨ ᠢ ᠦᠵᠡᠵᠦ ᠤᠴᠢᠷ ᠶᠠᠪᠤᠳᠠᠯ ᠢ ᠦᠵᠡᠵᠦ ᠦᠵᠡᠯ ᠰᠠᠨᠠᠭ᠎ᠠ ᠶᠢ ᠨᠢ ᠢᠯᠡᠷᠡᠭᠦᠯᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠮᠵᠢ ᠤᠯᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃                    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号