ᠪᠦᠬᠦ ᠴᠠᠷᠠᠭᠠᠨ ᠤ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ ᠤ ᠨᠡᠷᠡᠰ ᠢ ᠨᠡᠶᠢᠲᠡᠯᠡᠵᠦ᠂ ᠬᠠᠶᠢᠷᠤᠪ ᠤᠨ ᠲᠤᠬᠤᠢ ᠨᠡᠷᠡᠰ ᠤᠨ ᠵᠢᠭᠰᠠᠭᠠᠯᠲᠠ ᠳᠤ ᠤᠷᠤᠪᠠ ︵ᠬᠤᠶᠠᠷ︶
ᠨᠡᠶᠢᠲᠡᠯᠡᠭᠰᠡᠨ ᠴᠠᠭ᠄
2022/1/19
       ᠮᠦᠩᠭᠡᠨ ᠬᠤᠸᠠᠷ ᠬᠡᠷᠡᠯ ᠸᠣᠯᠲ ᠤᠨ ᠲᠠᠷᠢᠶᠠᠯᠠᠩ ᠤᠨ ᠬᠦᠷᠢᠶᠡᠯᠡᠩ ᠤᠨ ᠲᠥᠷᠥᠯ ᠵᠤᠶᠢᠯ         ᠮᠦᠩᠭᠡᠨ ᠬᠤᠸᠠᠷ ᠶᠢᠨ 20 ᠰᠠᠶ᠎ᠠ ᠸᠠᠲ ᠤᠨ ᠭᠡᠷᠡᠯ ᠸᠣᠯᠲ ᠤᠨ ᠲᠠᠷᠢᠶᠠᠯᠠᠩ ᠤᠨ ᠬᠦᠷᠢᠶᠡᠯᠡᠩ ᠤᠨ ᠲᠥᠷᠥᠯ ᠵᠦᠢᠯ ᠨᠢ ᠬᠠᠶᠢᠷᠤᠪ ᠤᠨ ᠲᠣᠬᠤᠢ ᠲᠣᠭᠤᠷᠢᠭ ᠤᠨ ᠶᠢᠨ ᠱᠠ ᠸᠠᠨ ᠵᠠᠮ ᠤᠨ ᠡᠮᠦᠨ᠎ᠡ ᠪᠠᠶᠢᠷᠢᠯᠠᠵᠤ᠂ ᠲᠣᠰ ᠲᠥᠷᠥᠯ ᠵᠤᠶᠢᠯ ᠪᠣᠯ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠪᠠᠷ ᠭᠤᠤᠯ ᠪᠣᠯᠭᠠᠵᠤ᠂ ᠠᠮᠢ ᠠᠬᠤᠶ ᠶᠢᠨ ᠲᠠᠷᠢᠶᠠᠯᠠᠩ ᠤᠨ ᠲᠠᠷᠢᠮᠠᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ᠂ ᠵᠤᠭᠠᠴᠠᠨ ᠲᠣᠭᠤᠷᠢᠬᠤ ᠂ ᠲᠠᠷᠢᠶᠠᠯᠠᠩ ᠤᠨ ᠲᠡᠭᠦᠵᠦ ᠲᠡᠭᠦᠬᠦ᠂ ᠰᠡᠯᠡᠭᠦᠴᠡᠨ ᠵᠢᠭᠠᠰᠤ ᠭᠥᠬᠢᠳᠡᠬᠦ ᠶᠢ ᠨᠢᠭᠡ ᠴᠤᠭᠴᠠᠵᠢᠭᠤᠯᠤᠭᠰᠠᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠶ᠋ᠯᠡᠰ ᠢ ᠠᠭᠤᠰᠤᠯᠴᠠᠭᠤᠯᠤᠨ ᠰᠢᠨ᠎ᠡ ᠪᠠᠷ ᠬᠥᠭᠵᠢᠭᠦᠯᠦᠭᠰᠡᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠯᠠᠩ ᠤᠨ ᠠᠮᠢ ᠠᠬᠤᠶ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠠᠶᠢᠵᠤ᠂ ᠶᠠᠳᠠᠭᠤ ᠶᠢ ᠲᠡᠳᠬᠦᠬᠦ ᠬᠥᠲᠥᠴᠢ ᠠᠵᠤ ᠠᠬᠤᠶᠢᠯᠠᠯ ᠤᠨ ᠨᠥᠯᠥᠭᠡᠯᠡᠨ ᠳᠠᠶᠢᠴᠢᠯᠠᠬᠤ ᠤᠶᠢᠯᠡᠳᠤᠯ ᠢ ᠨᠠᠩ ᠰᠠᠶᠢᠨ ᠪᠠᠳᠠᠷᠠᠭᠤᠯᠪᠠ᠃
        ᠦᠬᠠᠶ ᠬᠤᠲᠠ ᠶᠢᠨ ᠶᠦᠨ ᠹᠸᠢ ᠲᠠᠷᠢᠶᠠᠯᠠᠩ ᠤᠨ ᠳᠠᠷᠢᠵᠤ ᠲᠡᠵᠢᠭᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ     ᠦᠬᠠᠢ ᠬᠤᠳᠠ ᠶᠢᠨ ᠶᠦᠨ ᠹᠸᠢ ᠲᠠᠷᠢᠶᠠᠯᠠᠩ ᠤᠨ ᠲᠠᠷᠢᠮᠠᠯ ᠲᠡᠵᠢᠭᠡᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠦᠵᠦᠮ ᠲᠠᠷᠢᠬᠤ ᠵᠢᠴᠢ ᠮᠡᠷᠭᠡᠵᠢᠯ ᠤᠨ ᠰᠤᠳᠤᠯᠭᠠᠨ᠂ ᠦᠵᠦᠮ ᠨᠠᠷᠢᠯᠢᠭ ᠡᠳ᠋ᠰᠢᠭᠦᠯᠬᠦ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠬᠦᠢᠳᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡ ᠶᠢ ᠬᠥᠮᠥᠷᠭᠡᠯᠡᠬᠦ᠂ ᠲᠠᠷᠢᠶᠠᠯᠠᠩ ᠤᠨ ᠲᠣᠭᠤᠷᠢᠨ ᠦᠵᠡᠬᠦ ᠵᠤᠭᠠᠴᠠᠯ᠂ ᠮᠠᠯ ᠠᠵᠤ ᠠᠬᠤᠢ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠢ ᠨᠢᠭᠡ ᠴᠤᠬᠴᠠᠵᠢᠭᠤᠯᠤᠬᠰᠠᠨ ᠤᠯᠠᠨ ᠡᠰᠢᠴᠢᠯᠡᠭᠰᠡᠨ ᠠᠵᠤ ᠠᠬᠤᠶᠢᠯᠠᠯ ᠪᠣᠯᠤᠨ᠎ᠠ᠃ ᠲᠣᠰ ᠺᠣᠮᠫᠠᠨᠢ 2015 ᠣᠨ ᠳᠤ ︽ᠪᠥᠬᠦ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ︽ᠦᠵᠦᠮ ᠤᠨ ᠲᠠᠷᠢᠮᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ︾᠎ ᠢᠶᠠᠷ ᠦᠨᠡᠯᠡᠭᠳᠡᠪᠡ᠃
          ᠦᠬᠠᠶ ᠨᠠᠭᠤᠷ ᠤᠨ ᠦᠵᠡᠮᠵᠢ ᠶᠢᠨ ᠣᠷᠣᠨ         ᠦᠬᠠᠢ ᠨᠠᠭᠤᠷ ᠤᠨ ᠰᠡᠯᠡᠭᠦᠴᠡᠯ ᠠᠮᠠᠷᠠᠯᠲᠠ ᠶᠢᠨ ᠵᠤᠭᠠᠴᠠᠯ ᠤᠨ ᠣᠷᠣᠨ ᠪᠣᠯ ᠤᠯᠤᠰ ᠤᠨ ᠳᠡᠰ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ᠂ ᠤᠯᠤᠰ ᠤᠨ 4A ᠳᠡᠰ ᠤᠨ ᠦᠵᠡᠮᠵᠢ ᠶᠢᠨ ᠣᠷᠣᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠵᠤᠭᠠᠴᠠᠯ ᠠᠮᠠᠷᠠᠯᠲᠠ ᠶᠢᠨ ᠣᠷᠣᠨ ᠪᠣᠯᠤᠨ᠎ᠠ᠃ ᠦᠬᠠᠢ ᠬᠤᠳᠠ ᠶᠢᠨ ᠡᠮᠦᠨ᠎ᠡ ᠤᠮᠠᠷ᠎ᠠ ᠶᠢ ᠬᠥᠨᠳᠡᠯᠢᠰᠴᠦ᠂ ᠤᠯᠠᠭᠠᠨᠪᠤᠬ᠎ᠠ ᠶᠢᠨ ᠡᠯᠡᠰᠦᠨ ᠴᠦᠯ᠂ ᠤᠯᠠᠭᠠᠨᠨᠠᠭᠤᠷ ᠨᠠᠭᠤᠷ᠂ ᠦᠬᠠᠢ ᠨᠠᠭᠤᠷ᠂ ᠲᠣᠣᠷᠠᠢ ᠶᠢᠨ ᠠᠷᠠᠯ᠂ ᠲᠠᠤᠯᠠᠢ ᠠᠷᠠᠯ ᠵᠡᠷᠭᠡ ᠦᠵᠡᠮᠵᠢ ᠶᠢᠨ ᠣᠷᠣᠨ ᠢ ᠬᠠᠮᠤᠷᠴᠤ᠂ ᠭᠠᠨᠳᠧᠷ ᠠᠭᠤᠯᠠ ᠶᠢᠨ ᠠᠮᠢ ᠠᠬᠤᠢ ᠶᠢᠨ ᠪᠣᠯᠪᠠᠰᠤᠨ ᠤ ᠦᠵᠡᠮᠵᠢ ᠶᠢᠨ ᠣᠷᠣᠨ ᠲᠠᠢ ᠠᠯᠤᠰ ᠬᠤᠯᠠ ᠠᠴᠠ ᠲᠠᠭᠤ ᠠᠪᠤᠯᠴᠠᠵᠤ᠂ ᠡᠯᠡᠰᠦ ᠤᠰᠤ ᠬᠠᠷᠢᠯᠴᠠᠨ ᠬᠠᠷᠭᠤᠵᠤ᠂ ᠠᠭᠤᠯᠠ ᠤᠰᠤ ᠵᠠᠯᠭᠠᠯᠳᠤᠭᠰᠠᠨ ᠰᠦᠷᠯᠢᠭ ᠦᠵᠡᠮᠵᠢ ᠶᠢᠨ ᠣᠷᠣᠨ ᠢ ᠬᠠᠮᠲᠤᠪᠠᠷ ᠢᠯᠡᠷᠡᠭᠦᠯᠵᠦ᠂ ᠪᠦᠬᠦ ᠤᠯᠤᠰ ᠤᠨ ᠡᠯᠡᠰᠦ ᠤᠰᠤ ᠤᠶᠠᠯᠳᠤᠭᠰᠠᠨ ᠲᠠᠯᠠᠪᠠᠢ ᠪᠠᠷ ᠬᠠᠮᠤᠭ ᠤᠨ ᠶᠡᠭᠡ ᠪᠠᠶᠢᠭᠠᠯᠢ ᠶᠢᠨ ᠦᠵᠡᠮᠵᠢ ᠶᠢᠨ ᠣᠷᠣᠨ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号