ᠬᠠᠶᠢᠷᠤᠪ ᠤᠨ ᠲᠤᠬᠤᠢ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠪᠠᠶᠠᠷ ᠤᠨ ᠡᠳᠦᠷ ᠠᠴᠠ ᠡᠮᠦᠨᠡᠬᠢ ᠬᠦᠢᠲᠡᠨ ᠬᠡᠯᠬᠢᠶᠡᠲᠦ ᠢᠳᠡᠭᠡᠨ ᠤ ᠵᠤᠶᠢᠯ ᠤᠨ ᠪᠠᠶᠢᠴᠠᠭᠠᠯᠲᠠ ᠥᠷᠨᠢᠭᠦᠯᠵᠦ ᠡᠪᠦᠯ ᠬᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠪᠠ
ᠨᠡᠶᠢᠲᠡᠯᠡᠭᠰᠡᠨ ᠴᠠᠭ᠄
2022/1/20
     ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠦᠢᠳᠡᠨ ᠬᠡᠯᠬᠢᠶᠡᠲᠦ ᠢᠳᠡᠭᠡᠨ ᠤ ᠵᠦᠢᠯ ᠤᠨ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ᠶᠢᠨ ᠵᠠᠬ᠎ᠠ ᠳᠡᠯᠭᠡᠭᠦᠷ ᠤᠨ ᠳᠤᠮᠳᠠ ᠠᠩᠬᠢ ᠶᠢᠨ ᠬᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ  ᠯᠢᠨ ᠶᠢᠨ ᠭᠠᠵᠠᠷ ᠲᠠᠢ ᠬᠠᠮᠲᠤᠷᠠᠨ ᠯᠢᠨ ᠶᠢᠨ ᠵᠠᠬ᠎ᠠ ᠳᠡᠯᠭᠡᠭᠦᠷ ᠲᠤ ᠪᠠᠶᠠᠷ ᠤᠨ ᠡᠳᠦᠷ ᠠᠴᠠ ᠡᠮᠦᠨᠡᠬᠢ ᠬᠦᠢᠳᠡᠨ ᠬᠡᠯᠬᠢᠶᠡᠲᠦ ᠢᠳᠡᠭᠡᠨ ᠤ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠪᠠ
     ᠲᠣᠰ ᠤᠳᠠᠭᠠᠨ ᠤ ᠪᠠᠶᠢᠴᠠᠭᠠᠯᠲᠠ ᠳᠤ᠂ ᠡᠵᠡᠩᠨᠡᠯᠲᠡ ᠶᠢᠨ ᠡᠷᠦᠬᠡ ᠶᠢᠨ ᠢᠳᠡᠭᠡᠨ ᠤ ᠵᠤᠶᠢᠯ ᠤᠨ ᠬᠢᠷᠢ ᠲᠡᠩᠴᠡᠭᠰᠡᠨ ᠭᠡᠷᠡᠴᠢ᠂ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠪᠠ ᠣᠷᠣᠭᠤᠯᠬᠤ ᠡᠬᠡ ᠲᠠᠩᠰᠠ᠂ ᠫᠢᠶᠣᠣ ᠪᠠᠷᠢᠮᠲᠠ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠦᠨᠡᠮᠯᠡᠯ ᠵᠡᠷᠭᠡ ᠵᠤᠶᠢᠯᠡᠰ ᠢ ᠭᠤᠤᠯᠳᠠᠯᠭ᠎ᠠ ᠲᠠᠢ ᠪᠠᠶᠢᠴᠠᠭᠠᠨ᠎ᠠ᠃ ᠡᠭᠦᠨ ᠤ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠢᠳᠡᠭᠡᠨ ᠤ ᠠᠶᠤᠯ ᠥᠭᠡᠢ ᠶᠢᠨ ᠠᠵᠢᠯ ᠤᠨ ᠴᠢᠬᠤᠯᠠ ᠴᠢᠨᠠᠷ ᠢ ᠢᠳᠡᠪᠬᠢᠲᠡᠶ ᠪᠠᠷ ᠤᠬᠠᠭᠤᠯᠵᠤ᠂ ᠡᠵᠡᠩᠨᠡᠭᠴᠢ ᠶᠢᠨ ᠬᠢᠵᠢᠭ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠷᠠᠭᠤᠯᠬᠤ ᠬᠡᠷᠡᠭᠲᠡᠶ᠃
     
     ᠵᠠᠯᠭᠠᠭᠠᠳ ᠬᠠᠶᠢᠷᠤᠪ ᠤᠨ ᠲᠤᠬᠤᠢ ᠲᠣᠭᠤᠷᠢᠭ ᠤᠨ ᠬᠠᠤᠯᠢ ᠬᠡᠷᠡᠭᠵᠢᠭᠦᠯᠬᠦ  ᠲᠤᠪᠴᠢᠶ᠎ᠠ ᠪᠣᠯᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠳᠡᠭᠡᠨ ᠤ ᠡᠵᠡᠩᠨᠡᠭᠴᠢ ᠶᠢ ᠱᠠᠯᠠᠪᠳᠠᠭᠤᠯᠤᠨ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠣᠯᠤᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠷᠠᠳ ᠤᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠦᠨᠡᠨᠬᠦ ᠪᠠᠲᠤᠯᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号