ᠰᠠᠶᠢᠨ ᠳᠤᠷ᠎ᠠ ᠶᠢᠨ ᠦᠢᠯᠡᠴᠢᠯᠡᠭᠡ ᠨᠡᠶᠢᠭᠡᠮ ᠲᠣᠭᠤᠷᠢᠭ ᠲᠤ ᠣᠷᠣᠵᠤ ᠴᠡᠪᠡᠷᠯᠡᠭᠡ ᠬᠢᠬᠦ ᠨᠢ ᠬᠥᠮᠦᠰ ᠤᠨ ᠰᠡᠳᠬᠢᠯ ᠢ ᠲᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2022/1/20
     ᠰᠠᠭᠤᠭᠠᠯᠢ ᠠᠷᠠᠳ ᠤᠯᠠᠨ ᠳᠤ ᠭᠤᠶᠤ ᠰᠠᠶᠢᠬᠠᠨ ᠠᠷᠢᠭᠤᠨ ᠴᠡᠪᠡᠷ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠶᠢᠨ ᠲᠥᠯᠥᠭᠡ᠂ 1 ᠰᠠᠷ᠎ᠠ ᠶᠢᠨ 18᠎ ᠤ ᠡᠳᠦᠷ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠮᠦᠸᠧ ᠰᠢᠶᠠᠩ ᠯᠢ ᠶᠤᠸᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠢ ᠰᠢᠨ ᠪᠠᠭ᠎ᠠ ᠲᠣᠭᠤᠷᠢᠭ ᠲᠤ ᠢᠷᠡᠵᠥ ︽ᠰᠠᠭᠤᠭᠠᠯᠢ ᠲᠣᠭᠤᠷᠢᠭ ᠪᠣᠯ ᠮᠢᠨᠦ ᠭᠡᠷ︾᠎ ᠤᠨ ᠠᠷᠢᠭᠤᠨ ᠴᠡᠪᠡᠷ ᠢ ᠴᠡᠪᠡᠷᠯᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃
   ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ ᠤᠨ ᠵᠠᠷᠢᠮ ᠨᠢ ᠱᠦᠭᠦᠷ ᠢᠶᠠᠷ ᠨᠡᠶᠢᠲᠡ ᠶᠢᠨ ᠵᠠᠮ ᠢ ᠴᠡᠪᠡᠷᠯᠡᠵᠦ᠂ ᠵᠠᠷᠢᠮ ᠨᠢ ᠬᠤᠶᠠᠷ ᠭᠠᠷ ᠢᠶᠠᠷ ᠢᠶᠠᠨ ᠮᠤᠬᠤᠷ ᠪᠤᠯᠤᠩ ᠳᠠᠬᠢ ᠬᠤᠭ ᠨᠣᠪᠰᠢ ᠶᠢ ᠴᠡᠪᠡᠷᠯᠡᠵᠦ᠂ ᠭᠬᠢᠷ ᠠᠴᠠ ᠠᠶᠤᠬᠤ ᠥᠬᠡᠶ᠂ ᠬᠦᠴᠢᠷ ᠠᠴᠠ ᠠᠶᠤᠬᠤ ᠥᠬᠡᠶ᠂ ᠶᠠᠳᠠᠷᠠᠬᠤ ᠠᠴᠠ ᠠᠶᠤᠬᠤ ᠥᠬᠡᠶ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠵᠢᠯ ᠢᠶᠠᠨ ᠬᠤᠪᠢᠶᠠᠷᠢᠯᠠᠨ ᠬᠠᠮᠲᠤᠷᠠᠯᠴᠠᠵᠤ᠂ ᠡᠷᠴᠢ ᠵᠣᠷᠢᠭ ᠲᠡᠭᠦᠯᠳᠡᠷ ᠪᠠᠶᠢᠨ᠎ᠠ᠃    ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ᠂ ᠬᠥᠮᠦᠨ ᠪᠣᠯᠭᠠᠨ ᠯᠸᠢ ᠹᠧᠩ ᠠᠴᠠ ᠰᠤᠷᠤᠯᠴᠠᠬᠤ᠂ ᠨᠢᠭᠡ ᠨᠢᠭᠡ ᠪᠠᠷ ᠢᠶᠠᠨ ᠰᠠᠶᠢᠨ ᠳᠤᠷ᠎ᠠ ᠶᠢᠨ ᠠᠵᠢᠯᠯᠠᠭᠴᠢ ᠪᠣᠯᠬᠤ ᠪᠠᠷ ᠴᠢᠷᠮᠠᠶᠢᠬᠤ᠂ ᠪᠣᠯᠪᠠᠰᠤᠨ ᠨᠡᠶᠢᠭᠡᠮ ᠲᠣᠭᠤᠷᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠂ ᠲᠠᠷᠠᠭᠠᠴᠢ ᠶᠢᠨ ᠠᠯᠬᠤᠮ ᠳᠤ ᠮᠦᠸᠧ ᠰᠢᠶᠠᠩ ᠯᠢ ᠶᠤᠸᠠᠨ ᠨᠡᠶᠢᠭᠡᠮ ᠲᠣᠭᠤᠷᠢᠭ ᠤᠨ ᠬᠢᠨ ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠵᠠᠰᠠᠯᠲᠠ ᠶᠢᠨ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠬᠠᠷᠢᠶᠠᠲᠤ ᠣᠷᠣᠨ ᠤ ᠣᠷᠴᠢᠨ ᠠᠬᠤᠶ ᠶᠢ ᠨᠠᠩ ᠲᠠᠭᠠᠯᠠᠮᠵᠢᠲᠠᠶ ᠴᠡᠪᠡᠷ ᠴᠡᠮᠴᠡᠭᠡᠷ ᠪᠣᠯᠭᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号