ᠬᠠᠶᠢᠷᠤᠪ ᠤᠨ ᠲᠤᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠠᠵᠤ ᠠᠬᠤᠶᠢᠯᠠᠯ ᠤᠨ ᠡᠭᠦᠳᠡᠨ ᠡᠮᠦᠨᠡᠬᠢ ᠲᠡᠭᠡᠭᠡᠪᠦᠷᠢ ᠶᠢᠨ ᠲᠡᠷᠭᠡ ᠤᠨᠤᠭ᠎ᠠ ᠶᠢᠨ ᠲᠦᠭᠵᠢᠷᠡᠯ ᠤᠨ ᠠᠮᠤᠷ ᠲᠦᠪᠰᠢᠨ ᠤ ᠶᠠᠪᠤᠳᠠᠯ ᠢ ᠵᠣᠬᠢᠴᠠᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2022/1/20
     ᠵᠢᠯ ᠤᠨ ᠡᠴᠦᠰ ᠪᠣᠯᠬᠤ ᠳᠤ᠂ ᠬᠦᠷᠢᠶᠡᠯᠡᠩ ᠲᠣᠭᠤᠷᠢᠭ ᠤᠨ ᠡᠯ᠎ᠡ ᠬᠡᠦᠷᠰᠢᠭᠦᠯᠬᠦ ᠠᠵᠤ ᠠᠬᠤᠶᠢᠯᠠᠯ ᠵᠢᠴᠢ ᠪᠣᠯᠣᠳ ᠲᠡᠮᠦᠷ ᠤᠨ ᠤᠶᠢᠯᠡᠤᠡᠪᠤᠷᠢ ᠶᠢᠨ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠲᠡᠷᠭᠡ ᠬᠥᠰᠬᠡ ᠴᠥᠭᠡᠷᠡᠭᠰᠡᠨ ᠤ ᠳᠡᠭᠡᠷ᠎ᠡ ᠡᠪᠦᠯ ᠤᠨ ᠣᠯᠧᠮᠫᠢᠺ ᠴᠤᠭᠯᠠᠭᠠᠨ ᠤᠳᠠᠯ ᠥᠬᠡᠶ ᠡᠬᠢᠯᠡᠬᠦ ᠭᠡᠵᠦ ᠪᠠᠶᠢᠭ᠎ᠠ ᠪᠣᠯᠬᠤᠷ᠂ ᠵᠢᠯ ᠤᠨ ᠳᠤᠮᠳᠠ ᠪᠠ ᠡᠪᠦᠯ ᠤᠨ ᠣᠯᠧᠮᠫᠢᠺ ᠴᠤᠭᠯᠠᠭᠠᠨ ᠤᠯᠤᠰ ᠤᠨ ᠬᠤᠭᠤᠴᠠᠭᠠᠨ ᠳᠠᠬᠢ ᠪᠣᠳᠠᠰ ᠤᠨ ᠮᠠᠲ᠋ᠧᠷᠢᠶᠠᠯ ᠭᠦᠢᠴᠡᠤᠡ ᠪᠠᠶᠢᠬᠤ ᠶᠢ ᠪᠠᠲᠤᠯᠠᠬᠤ ᠶᠢᠨ ᠲᠥᠯᠥᠭᠡ᠂ ᠡᠳ᠋ ᠪᠠᠷᠠᠭ᠎ᠠ ᠶᠢ ᠤᠷᠢᠳᠴᠢᠯᠠᠨ ᠶᠡᠭᠡ ᠬᠡᠮᠵᠢᠶ᠎ᠡ ᠪᠠᠷ ᠬᠤᠳᠠᠯᠳᠤᠨ ᠠᠪᠤᠭᠰᠠᠨ ᠠᠴᠠ ᠪᠣᠯᠵᠣ ᠲᠡᠭᠡᠭᠡᠪᠦᠷᠢ ᠶᠢᠨ ᠲᠡᠷᠭᠡ ᠬᠥᠰᠬᠡ ᠲᠦᠭᠵᠢᠷᠡᠵᠦ ᠪᠠᠶᠢᠨ᠎ᠠ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠵᠢᠯ ᠤᠨ ᠡᠴᠦᠰ ᠤᠨ ᠵᠠᠮ ᠲᠡᠭᠡᠭᠡᠪᠦᠷᠢ ᠶᠢᠨ ᠤᠶᠢᠯᠡᠴᠢᠯᠡᠭᠡ ᠶᠢ ᠰᠠᠶᠢᠲᠤᠷ ᠬᠢᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠬᠤ ᠶᠢᠨ ᠲᠥᠯᠥᠭᠡ᠂ 1 ᠳ᠋ᠦᠭᠡᠷ ᠰᠠᠷ᠎ᠠ ᠶᠢᠨ 18᠎ ᠤ ᠡᠳᠦᠷ᠂ ᠮᠠᠨ ᠤ ᠬᠦᠷᠢᠶᠡᠯᠡᠩ ᠲᠣᠭᠤᠷᠢᠭ ᠤᠨ ᠬᠠᠮᠲᠤᠷᠠᠭᠰᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠲᠣᠰ ᠬᠡᠷᠡᠭ ᠲᠤ ᠴᠢᠭᠯᠡᠭᠦᠯᠦᠨ ᠬᠠᠮᠢᠶ᠎ᠠ ᠪᠥᠬᠦᠶ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠲᠡᠭᠡᠭᠡᠪᠦᠷᠢ ᠶᠢᠨ ᠲᠡᠷᠭᠡ ᠬᠥᠰᠬᠡ ᠶᠢᠨ ᠲᠦᠭᠵᠢᠷᠡᠯ ᠤᠨ ᠠᠮᠤᠷ ᠬᠤᠷᠠᠯ ᠢ ᠬᠦᠷᠢᠶᠡᠯᠡᠩ ᠲᠣᠭᠤᠷᠢᠭ ᠤᠨ ᠳᠡᠳ᠋ ᠡᠷᠬᠢᠯᠡᠭᠴᠢ ᠼᠦᠢ ᠸᠧᠢ ᠡᠷᠬᠢᠯᠡᠵᠦ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ ᠶᠢᠨ ᠬᠠᠤᠯᠢ ᠬᠡᠷᠡᠭᠵᠢᠭᠦᠯᠬᠦ ᠶᠡᠭᠡ ᠠᠩᠬᠢ ᠶᠢᠨ ᠳᠠᠷᠤᠭ᠎ᠠ ᠯᠢ ᠹᠧᠩ ᠭᠤᠸᠠᠩ᠂ ᠬᠦᠷᠢᠶᠡᠯᠡᠩ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠬᠡᠯᠲᠡᠰ ᠤᠨ ᠳᠠᠷᠤᠭ᠎ᠠ ᠵᠢᠴᠢ ᠡᠯ᠎ᠡ ᠠᠵᠤ ᠠᠬᠤᠶᠢᠯᠠᠯ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠠᠮ ᠤᠨ ᠬᠡᠰᠡᠭ ᠤᠨ ᠲᠦᠭᠵᠢᠷᠡᠯ ᠤᠨ ᠪᠠᠶᠢᠳᠠᠯ ᠳᠤ ᠴᠢᠭᠯᠡᠭᠦᠯᠦᠨ᠂ ᠡᠯ᠎ᠡ ᠨᠢᠭᠡᠴᠡ ᠶᠢᠨ ᠲᠡᠭᠡᠭᠡᠪᠦᠷᠢ ᠶᠢᠨ ᠲᠡᠷᠭᠡ ᠬᠥᠰᠬᠡ ᠶᠢᠨ ᠶᠠᠪᠤᠯᠴᠠᠭ᠎ᠠ ᠶᠢᠨ ᠪᠠᠶᠢᠳᠠᠯ ᠢ ᠲᠣᠳᠣᠷᠬᠠᠶᠢᠯᠠᠨ ᠥᠭᠦᠯᠡᠪᠡ᠃ ᠯᠢ ᠹᠧᠩ ᠭᠤᠸᠠᠩ ᠢᠯᠡᠷᠬᠡᠶᠢᠯᠡᠬᠦ ᠳᠡᠭᠡᠨ᠂ ᠮᠠᠰᠢᠨ ᠲᠡᠷᠭᠡᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠣᠷᠣᠨ ᠵᠠᠶ ᠨᠢ ᠬᠡᠲᠦ ᠪᠠᠭ᠎ᠠ᠂ ᠵᠠᠮ ᠨᠢ ᠬᠡᠳᠦᠶ ᠢᠪᠴᠤᠤ ᠪᠣᠯᠬᠤ ᠲᠤᠲᠤᠮ ᠮᠠᠰᠢᠨ ᠲᠡᠷᠭᠡᠨ ᠤ ᠲᠡᠷᠭᠡ ᠵᠥᠷᠢᠬᠦ ᠠᠶᠤᠯ ᠨᠢ ᠲᠡᠳᠦᠶ ᠶᠡᠭᠡ ᠪᠣᠯᠵᠣ᠂ ᠪᠤᠰᠤᠳ ᠠᠵᠤ ᠠᠬᠤᠶᠢᠯᠠᠯ ᠤᠨ ᠵᠠᠮ ᠲᠡᠭᠡᠭᠡᠪᠦᠷᠢ ᠳᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠪᠠᠷ ᠪᠠᠷᠠᠬᠤ ᠥᠬᠡᠶ ᠪᠠᠰᠠ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠠᠵᠢᠯ ᠳᠤ ᠭᠠᠷᠬᠤ ᠲᠡᠷᠭᠡᠨ ᠳᠤ ᠵᠣᠬᠢᠬᠤ ᠬᠡᠮᠵᠢᠶᠡᠨ ᠤ ᠬᠦᠴᠢᠷᠳᠡᠯ ᠤᠴᠠᠷᠠᠭᠤᠯᠵᠤ ᠪᠠᠶᠢᠨ᠎ᠠ ᠭᠡᠵᠡᠶ᠃      ᠲᠡᠷᠭᠡ ᠲᠦᠭᠵᠢᠷᠡᠭᠰᠡᠨ ᠰᠢᠯᠲᠠᠭᠠᠨ ᠳᠤ ᠴᠢᠭᠯᠡᠭᠦᠯᠦᠨ᠂ ᠹᠧᠩ ᠭᠤᠸᠠᠩ ᠲᠣᠰ ᠲᠣᠰ ᠡᠯ᠎ᠡ ᠠᠵᠤ ᠠᠬᠤᠶᠢᠯᠠᠯ ᠳᠤ ᠡᠭᠦᠷᠭᠡ ᠶᠢᠨ ᠵᠠᠳᠠᠯᠤᠯᠲᠠ ᠬᠢᠬᠦ ᠶᠢᠨ ᠬᠠᠮᠲᠤ ᠬᠡᠷᠡᠭᠵᠢᠭᠦᠯᠵᠦ ᠪᠣᠯᠬᠤᠶᠢᠴᠠ ᠲᠥᠰᠦᠯ ᠲᠣᠭᠲᠠᠭᠠᠪᠠ᠃ ᠨᠢᠭᠡ ᠳᠤ ᠠᠵᠤ ᠠᠬᠤᠶᠢᠯᠠᠯ ᠤᠨ ᠣᠲᠣ ᠶᠢᠨ ᠪᠠᠶᠢᠭ᠎ᠠ ᠲᠡᠷᠭᠡᠨ ᠵᠣᠭᠰᠣᠭᠠᠯ ᠢ ᠠᠰᠢᠭᠯᠠᠨ᠂ ᠲᠡᠷᠭᠡ ᠬᠥᠰᠬᠡ ᠵᠠᠮ ᠡᠵᠡᠯᠡᠬᠦ ᠠᠰᠠᠭᠤᠳᠠᠯ ᠢ ᠨᠠᠮᠳᠠᠭᠤᠯᠤᠨ᠎ᠠ᠃ ᠬᠤᠶᠠᠷ ᠲᠤ ᠲᠡᠷᠭᠡ ᠬᠥᠰᠬᠡ ᠶᠢᠨ ᠲᠠᠯᠠᠪᠠᠶ ᠳᠤ ᠣᠷᠣᠵᠤ ᠠᠴᠢᠶᠠᠯᠠᠵᠤ ᠪᠠᠭᠤᠯᠭᠠᠬᠤ ᠠᠵᠢᠯ ᠤᠨ ᠴᠠᠭ ᠢ ᠤᠷᠲᠤᠳᠬᠠᠵᠤ᠂ ᠠᠴᠢᠶᠠᠯᠠᠵᠤ ᠪᠠᠭᠤᠯᠭᠠᠬᠤ ᠠᠵᠢᠯ ᠤᠨ ᠬᠡᠮᠵᠢᠶ᠎ᠡ ᠶᠢ ᠲᠣᠬᠢᠷᠠᠭᠤᠯᠵᠤ᠂ ᠵᠠᠮ ᠲᠦᠭᠵᠢᠷᠡᠬᠦ ᠠᠴᠠ ᠵᠠᠶᠢᠯᠠᠰᠬᠢᠬᠦ ᠬᠡᠷᠡᠭᠲᠡᠶ᠃ ᠭᠤᠷᠪᠠ ᠳᠤ ᠮᠡᠳᠡᠭᠡ ᠬᠤᠯᠪᠣᠭᠠᠨ ᠤ ᠰᠢᠰᠲ᠋ᠧᠮ ᠢ ᠪᠠᠶᠢᠭᠤᠯᠵᠤ᠂ ᠡᠳᠦᠷ ᠤᠨ ᠲᠣᠬᠢᠷᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠮᠡᠳᠡᠭᠡ ᠬᠤᠯᠪᠣᠭᠠᠨ ᠤ ᠰᠢᠰᠲ᠋ᠧᠮ ᠢᠶᠠᠷ ᠳᠠᠮᠵᠢᠭᠤᠯᠤᠨ ᠨᠡᠭᠦᠷᠡᠰᠦ ᠤᠬᠢᠶᠠᠬᠤ ᠦᠢᠯᠡᠳᠪᠦᠷᠢ ᠲᠠᠢ ᠴᠠᠭ ᠲᠤᠬᠠᠶ ᠳᠤᠨᠢ ᠬᠠᠷᠢᠯᠴᠠᠵᠤ᠂ ᠲᠣᠬᠢᠷᠠᠭᠤᠯᠤᠨ᠎ᠠ᠃ ᠳᠥᠷᠪᠡ ᠳᠤ ᠠᠮᠤᠷ ᠢ ᠬᠠᠮᠠᠭᠠᠯᠠᠬᠤ ᠠᠵᠢᠯᠲᠠᠨ ᠢ ᠵᠣᠬᠢᠰᠲᠠᠶ ᠲᠣᠬᠢᠷᠠᠭᠤᠯᠵᠤ᠂ ᠲᠤᠬᠠᠶ ᠶᠢᠨ ᠲᠠᠯᠠᠪᠤᠷ ᠲᠤ ᠵᠢᠯᠣᠭᠤᠳᠬᠤ ᠵᠢᠴᠢ ᠲᠠᠯᠠᠪᠤᠷ ᠲᠤ ᠣᠷᠣᠵᠤ ᠭᠠᠷᠬᠤ ᠲᠡᠷᠭᠡ ᠬᠥᠰᠬᠡ ᠶᠢᠨ ᠬᠠᠮᠢᠶᠠᠷᠤᠯᠲᠠ ᠶᠠᠪᠤᠭᠤᠯᠵᠤ ᠂ ᠱᠠᠭᠠᠷᠳᠠᠯᠭ᠎ᠠ ᠶᠢ ᠴᠢᠩᠭᠠᠷᠠᠭᠤᠯᠤᠨ᠎ᠠ᠃ ᠠᠮᠤᠷ ᠲᠦᠪᠰᠢᠨ ᠤ ᠬᠠᠮᠠᠭᠠᠯᠠᠯᠲᠠ ᠶᠢᠨ ᠲᠠᠲᠠᠬᠤ ᠠᠵᠢᠯ ᠬᠢᠬᠦ ᠳᠡᠭᠡᠨ ᠬᠡᠷᠡᠯ ᠣᠶᠢᠬᠤ ᠡᠯᠢᠭᠡᠪᠴᠢ᠂ ᠲᠣᠯᠣᠭᠠᠶ ᠶᠢᠨ ᠳ᠋ᠧᠩ ᠲᠠᠭᠠᠷᠠᠭᠤᠯᠤᠨ᠂ ᠬᠤᠷᠴᠠ ᠬᠡᠷᠡᠯ ᠲᠠᠢ ᠭᠠᠷ ᠳ᠋ᠧᠩ᠂ ᠶᠠᠷᠢᠯᠴᠠᠭᠤᠷ ᠵᠡᠷᠭᠡ ᠶᠢ ᠠᠪᠴᠤ ᠠᠮᠤᠷ ᠲᠦᠪᠰᠢᠨ ᠤ ᠬᠠᠮᠠᠭᠠᠯᠠᠭᠴᠢ ᠶᠢᠨ ᠠᠮᠤᠷ ᠲᠦᠪᠰᠢᠨ ᠢ ᠪᠠᠲᠤᠯᠠᠬᠤ ᠶᠢ ᠱᠠᠭᠠᠷᠳᠠᠳᠠᠭ᠃ ᠲᠠᠪᠤ ᠳᠤ ᠳᠡᠭᠡᠷᠡᠬᠢ ᠠᠵᠢᠯ ᠤᠳ ᠢ ᠬᠠᠮᠢᠶᠠᠷᠤᠯᠲᠠ ᠶᠢᠨ ᠵᠥᠪᠯᠡᠯ ᠠᠴᠠ ᠬᠢᠨᠠᠵᠤ ᠬᠠᠮᠢᠶᠠᠷᠤᠨ᠎ᠠ᠃ ᠡᠭᠦᠨ ᠤ ᠵᠡᠷᠭᠡ ᠳᠤ ᠠᠵᠤ ᠠᠬᠤᠶᠢᠯᠠᠯ ᠤᠨ ᠠᠵᠢᠯ ᠳᠤ ᠭᠠᠷᠬᠤ ᠲᠡᠷᠭᠡ ᠪᠠᠷ ᠲᠡᠷᠭᠡᠨ ᠳᠤ ᠰᠠᠭᠤᠬᠤ ᠬᠥᠮᠦᠰ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠲᠡᠷᠭᠡᠨ ᠳᠤ ᠰᠠᠭᠤᠪᠠᠯ ᠠᠮᠤᠷ ᠲᠦᠪᠰᠢᠨ ᠤ ᠪᠦᠰᠡ ᠪᠠᠨ ᠰᠠᠶᠢᠲᠤᠷ ᠪᠦᠰᠡᠯᠡᠬᠦ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠤᠨ ᠡᠴᠦᠰ ᠲᠤ ᠬᠦᠷᠢᠶᠡᠯᠡᠩ ᠲᠣᠭᠤᠷᠢᠭ ᠤᠨ ᠳᠡᠳ᠋ ᠡᠷᠬᠢᠯᠡᠭᠴᠢ ᠼᠦᠢ ᠸᠧᠶ ᠳᠠᠬᠢᠨᠲᠠ ᠴᠢᠬᠤᠯᠠᠴᠢᠯᠠᠭᠰᠠᠨ ᠨᠢ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠳ ᠡᠳᠦᠷ ᠲᠤᠲᠤᠮ ᠤᠨ ᠬᠠᠩᠭᠠᠯᠭ᠎ᠠ ᠬᠡᠷᠡᠭᠴᠡᠭᠡᠨ ᠤ ᠵᠣᠯᠭᠠᠯᠴᠠᠭ᠎ᠠ ᠶᠢ ᠦᠨᠡᠨ ᠬᠦ ᠰᠠᠶᠢᠲᠤᠷ ᠬᠢᠵᠦ᠂ ᠮᠠᠰᠢᠨ ᠲᠡᠷᠭᠡᠨ ᠤ ᠬᠤᠶᠠᠷ ᠲᠠᠯ᠎ᠠ ᠪᠠᠷ ᠵᠠᠮ ᠡᠵᠡᠯᠡᠬᠦ ᠶᠢ ᠴᠠᠭᠠᠵᠠᠯᠠᠬᠤ ᠶᠢᠨ ᠬᠠᠮᠲᠤ ᠮᠠᠨ ᠤ ᠨᠢᠭᠡᠴᠡ ᠴᠦ  ᠤᠶᠢᠯᠡᠤᠡᠪᠤᠷᠢ ᠶᠢᠨ ᠭᠠᠳᠠᠨᠠᠬᠢ ᠵᠠᠮ ᠤᠨ ᠪᠠᠶᠢᠳᠠᠯ ᠳᠤ ᠴᠢᠭᠯᠡᠭᠦᠯᠦᠨ ᠵᠠᠮ ᠬᠠᠷᠢᠯᠴᠠᠭᠠᠨ ᠤ ᠴᠠᠭᠳᠠᠭ᠎ᠠ ᠲᠠᠢ ᠵᠣᠬᠢᠴᠠᠭᠤᠯᠤᠨ ᠬᠠᠮᠢᠶᠠᠷᠴᠤ᠂ ᠠᠵᠤ ᠠᠬᠤᠶᠢᠯᠠᠯ ᠤᠨ ᠡᠨᠧᠷᠭᠢ ᠡᠳ᠋ ᠪᠣᠳᠠᠰ ᠤᠨ ᠲᠡᠭᠡᠭᠡᠪᠦᠷᠢ ᠶᠢᠨ ᠶᠠᠪᠤᠴᠠ ᠳᠠᠬᠢ ᠠᠰᠠᠭᠤᠳᠠᠯ ᠪᠠ ᠬᠦᠴᠢᠷᠳᠡᠯ ᠢ ᠢᠳᠡᠪᠬᠢᠲᠡᠶ ᠪᠠᠷ ᠵᠣᠬᠢᠴᠠᠭᠤᠯᠤᠨ ᠠᠬᠢᠭᠤᠯᠵᠤ  ᠰᠢᠢᠤᠡᠪᠤᠷᠢᠯᠡᠨ᠎ᠡ ᠭᠡᠵᠡᠶ᠃ ᠲᠡᠭᠡᠭᠡᠪᠦᠷᠢ ᠶᠢᠨ ᠬᠦᠴᠦᠨ ᠤ ᠨᠥᠭᠡᠴᠡᠯᠡᠯᠲᠡ ᠶᠢ ᠴᠢᠩᠭᠠᠷᠠᠭᠤᠯᠵᠤ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠲᠡᠭᠡᠭᠡᠪᠦᠷᠢ ᠶᠢᠨ ᠲᠤᠬᠢᠷᠠᠭᠤᠯᠤᠯᠳᠠ ᠶᠢᠨ ᠠᠵᠢᠯ ᠤᠨ ᠲᠦᠷᠢᠮ ᠢ ᠲᠡᠭᠦᠯᠳᠡᠷᠵᠢᠭᠦᠯᠵᠦ᠂ ᠵᠠᠮ ᠨᠡᠪᠲᠡᠷᠡᠯᠭᠡ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠨ᠎ᠠ᠃ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠳ ᠡᠯ᠎ᠡ ᠦᠢᠯᠡᠳᠪᠦᠷᠢ ᠶᠢᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠲᠣᠬᠢᠷᠠᠭᠤᠯᠬᠤ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠲᠡᠷᠭᠡᠨ ᠠᠩᠬᠢ ᠶᠢᠨ ᠵᠢᠯᠣᠭᠤᠴᠢ ᠳᠤ ᠠᠮᠤᠷ ᠲᠦᠪᠰᠢᠨ ᠤ ᠮᠡᠳᠡᠯᠭᠡ ᠶᠢ ᠴᠠᠭ ᠲᠤᠬᠠᠶ ᠲᠤᠨᠢ ᠲᠦᠭᠡᠮᠡᠯᠵᠢᠭᠦᠯᠵᠦ᠂ ᠠᠮᠤᠷ ᠲᠦᠪᠰᠢᠨ ᠤ ᠦᠵᠡᠯ ᠤᠬᠠᠮᠰᠠᠷ ᠢ ᠨᠡᠮᠡᠭᠳᠡᠭᠦᠯᠦᠨ᠂ ᠠᠵᠤ ᠠᠬᠤᠶᠢᠯᠠᠯ ᠪᠣᠯᠤᠨ ᠲᠡᠷᠭᠡᠨ ᠠᠩᠬᠢ ᠨᠢ ︽ᠭᠤᠣᠯ ᠳᠡᠳ᠋ ᠢᠶᠠᠨ ᠢᠯᠭᠠᠬᠤ᠂ ᠪᠠᠴᠢᠮ ᠠᠯᠭᠤᠷ ᠢᠶᠠᠨ ᠡᠵᠡᠮᠳᠡᠬᠦ᠂ ᠵᠦᠢ ᠵᠣᠬᠢᠰᠲᠠᠶ ᠲᠣᠬᠢᠷᠠᠭᠤᠯᠬᠤ᠂ ᠪᠣᠭᠤᠮᠲᠠ ᠶᠢ ᠴᠢᠩᠭ᠎ᠠ ᠠᠳᠬᠤᠬᠤ᠂ ᠴᠢᠩᠭ᠎ᠠ ᠬᠢᠵᠠᠭᠠᠷᠯᠠᠬᠤ︾ ᠵᠠᠷᠴᠢᠮ ᠢ ᠪᠠᠷᠢᠮᠲᠠᠯᠠᠨ᠂ ᠡᠭᠦᠷᠭᠡ ᠶᠢᠨ ᠰᠢᠨᠵᠢ ᠴᠢᠨᠠᠷ ᠪᠣᠯᠤᠨ ᠪᠣᠳᠠᠲᠤ ᠪᠠᠶᠢᠳᠠᠯ ᠢ ᠡᠵᠡᠮᠰᠢᠨ ᠴᠠᠭ ᠲᠤᠬᠠᠶ ᠲᠤᠨᠢ ᠲᠡᠷᠭᠡ ᠬᠥᠰᠬᠡ ᠲᠣᠮᠢᠯᠠᠵᠤ᠂ ᠦᠢᠯᠡᠳᠪᠦᠷᠢᠯᠡᠯ ᠤᠨ ᠬᠡᠪ ᠤᠨ ᠶᠣᠰᠣᠭᠠᠷ ᠠᠵᠢᠯᠯᠠᠬᠤ ᠶᠢ ᠪᠠᠲᠤᠯᠠᠬᠤ ᠬᠡᠷᠡᠭᠲᠡᠶ᠃    ᠲᠠᠷᠠᠭᠠᠴᠢ ᠶᠢᠨ ᠠᠯᠬᠤᠮ ᠳᠤ᠂ ᠮᠠᠨ ᠤ ᠬᠦᠷᠢᠶᠡᠯᠡᠩ ᠲᠣᠭᠤᠷᠢᠭ ᠤᠨ ᠬᠢᠨ ᠡᠨᠡ ᠤᠴᠢᠷ ᠢ ᠦᠷᠭᠦᠯᠵᠢᠯᠡᠨ ᠮᠥᠷᠳᠡᠨ ᠳᠠᠭᠠᠵᠤ᠂ ᠤᠴᠢᠷ ᠶᠠᠪᠤᠳᠠᠯ ᠢ ᠨᠢᠭᠡ ᠨᠢᠭᠡ ᠪᠠᠷ ᠰᠢᠢᠤᠡᠪᠤᠷᠢᠯᠡᠬᠦ ᠶᠢ ᠪᠠᠷᠢᠮᠲᠠᠯᠠᠨ᠂ ᠡᠯ᠎ᠡ ᠵᠤᠶᠢᠯ ᠤᠨ ᠠᠵᠢᠯ ᠢ ᠴᠢᠩᠭ᠎ᠠ ᠨᠢᠮᠪᠠᠶ ᠪᠣᠳᠠᠲᠠᠶ ᠠᠳᠬᠤᠵᠤ᠂ ᠡᠨᠡ ᠡᠪᠦᠯ ᠢᠷᠡᠬᠦ ᠬᠠᠪᠤᠷ ᠤᠨ ᠡᠨᠧᠷᠭᠢ ᠶᠢᠨ ᠰᠤᠷᠪᠤᠯᠵᠢ ᠡᠳ᠋ ᠪᠣᠳᠠᠰ ᠤᠨ ᠲᠡᠭᠡᠭᠡᠪᠦᠷᠢ ᠶᠢᠨ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠨ᠎ᠠ᠃              
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号