ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/1/20
     1 ᠰᠠᠷ᠎ᠠ ᠶᠢᠨ 17᠎ ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠹᠧᠩ ᠰᠢᠤᠸᠠᠢ ᠲᠤᠤ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠯᠢᠦ ᠵᠢᠶ ᠭᠤᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠪᠠᠶ ᠬᠠᠶ ᠿᠦᠩ᠂ ᠸᠧᠶ ᠠᠶ ᠯᠢᠨ᠂ ᠴᠡᠩᠭᠡᠯ᠂ ᠰᠥᠩ ᠶᠤᠸᠠᠢ ᠰᠢᠶᠠ᠂ ᠨᠠᠷᠢᠨ ᠪᠢᠴᠢᠭ ᠤᠨ ᠳᠠᠷᠤᠭ᠎ᠠ ᠽᠦᠸᠧ ᠶᠢᠩ ᠬᠤᠷᠠᠯ ᠳᠤ ᠣᠷᠣᠯᠴᠠᠵᠠᠶ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃      ᠬᠤᠷᠠᠯ ᠠᠴᠠ ᠡᠮᠦᠨ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠠᠵᠢᠯ ᠤᠨ ᠲᠥᠰᠦᠯ ᠢᠶᠠᠨ ᠨᠠᠷᠢᠨ ᠨᠢᠮᠪᠠᠶ ᠲᠣᠭᠲᠠᠭᠠᠵᠤ᠂ ᠰᠤᠷᠤᠯᠴᠠᠵᠤ ᠰᠤᠳᠤᠯᠤᠨ ᠶᠠᠷᠢᠯᠴᠠᠬᠤ ᠠᠵᠢᠯ ᠢ ᠨᠠᠷᠢᠨ ᠬᠢᠨᠠᠮᠠᠭᠠᠶ ᠥᠷᠨᠢᠭᠦᠯᠦᠨ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠶᠢ ᠭᠦᠨᠵᠡᠭᠡᠶ ᠥᠷᠨᠢᠭᠦᠯᠦᠭᠰᠡᠨ ᠪᠥᠭᠡᠳ ᠡᠭᠦᠨ ᠤ ᠰᠠᠭᠤᠷᠢᠨ ᠳᠡᠭᠡᠷ᠎ᠡ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢᠶᠠᠨ ᠨᠠᠷᠢᠨ ᠬᠢᠨᠠᠮᠠᠭᠠᠶ ᠲᠤᠭᠤᠷᠪᠢᠵᠤ᠂ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠶ ᠬᠢᠬᠦ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃ ᠬᠤᠷᠠᠯ ᠠᠴᠠ 2020 ᠣᠨ ᠤ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ ᠵᠢᠴᠢ ᠲᠤᠰ ᠣᠳᠠᠭᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠰᠠᠨᠠᠯ ᠰᠠᠨᠠᠭᠤᠯᠭ᠎ᠠ ᠶᠢᠨ ᠪᠠᠶᠢᠳᠠᠯ ᠢᠶᠠᠨ ᠵᠠᠷᠯᠠᠨ ᠮᠡᠳᠡᠭᠳᠡᠪᠡ᠃      ᠹᠧᠩ ᠰᠢᠤᠸᠠᠢ ᠲᠤᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠢ ᠲᠥᠯᠥᠭᠡᠯᠡᠨ ᠬᠠᠷᠢᠴᠠᠭᠤᠯᠤᠭᠰᠠᠨ ᠪᠠᠶᠢᠴᠠᠭᠠᠯᠳᠠ ᠬᠢᠭᠰᠡᠨ ᠪᠥᠭᠡᠳ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠭᠰᠠᠨ ᠪᠠᠶᠢᠴᠠᠭᠠᠯᠳᠠ ᠬᠢᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠨᠡᠷ ᠨᠢᠭᠡᠳ ᠨᠢᠭᠡ ᠪᠠᠷ ᠬᠤᠪᠢ ᠬᠥᠮᠦᠨ ᠤ ᠬᠠᠷᠢᠴᠠᠭᠤᠯᠤᠭᠰᠠᠨ ᠪᠠᠶᠢᠴᠠᠭᠠᠯᠳᠠ ᠬᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠪᠠᠷ ᠥᠷᠨᠢᠭᠦᠯᠪᠡ᠃      ᠹᠧᠩ ᠰᠢᠤᠸᠠᠢ ᠲᠤᠤ ᠵᠢᠭᠠᠵᠤ ᠭᠠᠷᠭᠠᠭᠰᠠᠨ ᠨᠢ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠣᠪᠤᠶᠢᠮ᠎ᠠ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾᠎ ᠶᠢ ᠦᠨᠡᠨᠴᠢ ᠪᠠᠷ ᠬᠦᠷᠢᠶᠡᠯᠡᠵᠦ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠨ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠬᠡᠷᠡᠭᠲᠡᠶ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠵᠤ ᠂ ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠪᠣᠳᠠᠲᠠᠢ ᠠᠳᠬᠤᠵᠤ᠂ ᠡᠯ᠎ᠡ ᠵᠦᠢᠯ ᠤᠨ ᠲᠦᠷᠢᠮ ᠲᠣᠭᠲᠠᠭᠠᠯ ᠢ ᠨᠠᠷᠢᠨ ᠬᠢᠨᠠᠮᠠᠭᠠᠢ ᠲᠤᠤᠱᠯᠠᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠦᠨᠡᠨᠬᠦ ᠬᠠᠮᠠᠭᠠᠯᠠᠬᠤ ᠬᠡᠷᠡᠭᠲᠡᠢ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠨᠠᠷᠢᠨ ᠳᠠᠩᠰᠠ ᠭᠠᠷᠭᠠᠵᠤ᠂ ᠡᠬᠡ ᠳᠠᠩᠰᠠ ᠪᠠᠶᠢᠭᠤᠯᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃      ᠹᠧᠩ ᠰᠢᠦᠸᠡᠢ ᠲᠤᠤ ᠴᠢᠬᠤᠯᠠᠴᠢᠯᠠᠭᠰᠠᠨ ᠨᠢ᠂ ᠰᠢᠨ᠎ᠡ ᠨᠢᠭᠡ ᠬᠤᠭᠤᠴᠠᠭᠠᠨ ᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ︽ᠰᠤᠷᠤᠯᠴᠠᠬᠤ︾ ᠳᠡᠭᠡᠷ᠎ᠡ ᠬᠦᠴᠦ ᠲᠠᠯᠪᠢᠵᠤ᠂ ᠤᠯᠤᠰ ᠲᠥᠷᠥ ᠶᠢᠨ ᠣᠨᠣᠯ ᠪᠠ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠠᠯᠭ᠎ᠠ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠤᠤᠯ ᠤᠨ ᠰᠡᠳᠬᠢᠬᠦᠶ ᠶᠢᠨ ᠵᠠᠭᠪᠤᠷ ᠠᠴᠠ ᠪᠠᠨ ᠤᠯᠠᠮ ᠨᠢᠭᠡ ᠠᠯᠬᠤᠮ ᠠᠩᠭᠢᠵᠢᠷᠠᠵᠤ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠣᠨᠣᠯ ᠤᠨ ᠬᠠᠷᠠᠭ᠎ᠠ ᠪᠠᠨ ᠥᠷᠭᠡᠳᠬᠡᠨ᠂ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠱᠠᠭᠠᠷᠳᠠᠯᠭ᠎ᠠ ᠳᠤ ᠨᠠᠩ ᠰᠠᠶᠢᠲᠤᠷ ᠵᠣᠬᠢᠴᠠᠬᠤ ᠬᠡᠷᠡᠭᠲᠡᠶ︔ ︽ᠰᠦᠪᠡᠭᠴᠢᠯᠡᠬᠦ︾ ᠳᠡᠭᠡᠷ᠎ᠡ ᠬᠦᠴᠦ ᠲᠠᠯᠪᠢᠵᠤ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠭᠤᠣᠯᠳᠠᠯᠭ᠎ᠠ᠂ ᠠᠵᠢᠯ ᠤᠨ ᠴᠢᠬᠤᠯᠠ ᠲᠠᠯ᠎ᠠ ᠲᠠᠢ ᠨᠢᠭᠲᠠ ᠤᠶᠠᠯᠳᠤᠭᠤᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢᠶᠠᠨ ᠲᠥᠯᠥᠪᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠴᠢᠬᠤᠯᠠ ᠶᠡᠭᠡ ᠬᠡᠷᠡᠭ ᠶᠠᠪᠤᠳᠠᠯ ᠢ ᠲᠣᠭᠲᠠᠭᠠᠬᠤ ᠵᠡᠷᠭᠡ ᠲᠠᠯ᠎ᠠ ᠶᠢᠨ ᠰᠢᠨ᠎ᠡ ᠠᠷᠭ᠎ᠠ ᠬᠡᠮᠵᠢᠶ᠎ᠡ ᠶᠢ ᠲᠠᠰᠤᠷᠠᠯᠳᠠ ᠦᠭᠡᠢ ᠬᠠᠶᠢᠨ ᠰᠦᠪᠡᠭᠴᠢᠯᠡᠵᠦ᠂ ᠬᠤᠳᠠ ᠶᠢᠨ ᠨᠠᠮ ᠤᠨ ᠬᠤᠷᠢᠶ᠎ᠠ ᠪᠠᠶᠢᠷᠢᠯᠠᠭᠤᠯᠤᠯᠲᠠ ᠲᠠᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠠᠶᠢᠳᠠᠪᠤᠷᠢᠵᠢᠭᠤᠯᠤᠯᠲᠠ ᠲᠠᠢ᠂ ᠬᠤᠳᠠ ᠶᠢᠨ ᠨᠠᠮ ᠤᠨ ᠬᠤᠷᠢᠶ᠎ᠠ ᠤᠷᠢᠶᠠᠯᠠᠭ᠎ᠠ ᠲᠠᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠵᠢᠯᠯᠠᠭ᠎ᠠ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠶ︔ ︽ᠠᠩᠬᠠᠷᠬᠤ︾ ᠳᠡᠭᠡᠷ᠎ᠡ ᠬᠦᠴᠦ ᠲᠠᠯᠪᠢᠵᠤ᠂ ︽ᠨᠢᠭᠡ ᠵᠠᠰᠠᠭ ᠤᠨ ᠣᠷᠳᠣᠨ ᠨᠢᠭᠡ ᠬᠤᠷᠢᠶ᠎ᠠ ᠬᠤᠶᠠᠷ ᠬᠤᠷᠢᠶ᠎ᠠ︾᠎ ᠶᠢᠨ ᠠᠵᠢᠯ ᠤᠨ ᠳᠤᠮᠳᠠᠬᠢ ᠳᠤᠲᠠᠭᠤᠳᠠᠯ ᠪᠠᠭᠤᠷᠠᠶ ᠲᠠᠯ᠎ᠠ ᠪᠠ ᠤᠯᠠᠨ ᠲᠦᠮᠡᠨ ᠤ ᠪᠠᠴᠢᠮ ᠬᠦᠴᠢᠷ ᠵᠤᠪᠠᠨᠢᠯ ᠡᠷᠡᠮᠡᠯᠵᠡᠯ ᠲᠠᠢ ᠪᠠᠶᠢᠬᠤ ᠠᠰᠠᠭᠤᠳᠠᠯ ᠢ ᠴᠢᠩᠭ᠎ᠠ ᠠᠩᠬᠠᠷᠴᠤ᠂ ᠤᠯᠠᠨ ᠵᠦᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠬᠢᠨᠠᠯᠲᠠ ᠪᠠᠨ ᠴᠢᠩᠭᠠᠳᠬᠠᠨ᠂ ᠠᠰᠠᠭᠤᠳᠠᠯ ᠬᠠᠮᠢᠭ᠎ᠠ ᠪᠠᠶᠢᠪᠠᠯ ᠬᠢᠨᠠᠯᠲᠠ ᠲᠠᠯᠪᠢᠬᠤ ᠬᠦᠴᠦᠨ ᠢᠶᠠᠨ ᠲᠡᠨᠳᠡ ᠬᠦᠷᠲᠡᠯ᠎ᠡ ᠲᠠᠭᠠᠵᠤ ᠬᠢᠬᠦ ᠬᠡᠷᠡᠭᠲᠡᠶ︔ ︽ᠰᠢᠯᠭᠠᠨ ᠪᠠᠶᠢᠴᠠᠭᠠᠬᠤ︾ ᠳᠡᠭᠡᠷ᠎ᠡ ᠬᠦᠴᠦ ᠲᠠᠯᠪᠢᠵᠤ᠂ ᠮᠥᠷᠳᠡᠨ ᠪᠠᠶᠢᠴᠠᠭᠠᠵᠤ ᠦᠷ᠎ᠡ ᠪᠦᠲᠦᠮᠵᠢ ᠠᠰᠠᠭᠤᠬᠤ ᠪᠠᠨ ᠴᠢᠩᠭᠠᠳᠬᠠᠵᠤ᠂ ᠬᠢᠨᠠᠯᠲᠠ ᠲᠠᠯᠪᠢᠬᠤ ᠠᠵᠢᠯ ᠤᠨ ︽ᠰᠡᠭᠦᠯᠴᠢ ᠶᠢᠨ ᠠᠵᠢᠯ︾᠎ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠡᠴᠦᠰ ᠲᠤᠨᠢ ᠲᠤᠯᠲᠠᠯ᠎ᠠ ᠠᠳᠬᠤᠬᠤ ᠶᠢ ᠪᠠᠲᠤᠯᠠᠵᠤ᠂ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠬᠦ ᠶᠢ ᠦᠨᠡᠨᠬᠦ ᠠᠬᠢᠭᠤᠯᠵᠤ᠂ ᠬᠤᠳᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号