ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/1/20
     1 ᠰᠠᠷ᠎ᠠ ᠶᠢᠨ 17᠎ ᠤ ᠡᠳᠦᠷ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠸᠧᠨ ᠵᠢᠶᠧ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠬᠦᠨ ᠯᠢᠶᠠᠩ ᠱᠣ᠋ ᠫᠢᠩ᠂ ᠹᠦ᠋ ᠲᠢᠩ ᠯᠢᠨ᠂ ᠵᠠᠩ ᠮᠧᠩ ᠵᠢᠶᠠᠨ᠂ ᠵᠠᠩ ᠬᠤᠩ ᠪᠢᠨ᠂ ᠱᠣᠤ ᠵᠧᠩ ᠸᠧᠨ ᠵᠢᠴᠢ ᠨᠠᠷᠢᠨ ᠪᠢᠴᠢᠭ ᠤᠨ ᠳᠠᠷᠤᠭ᠎ᠠ ᠵᠣᠣ ᠽᠢ ᠴᠧᠩ ᠬᠤᠷᠠᠯ ᠳᠤ ᠣᠷᠣᠯᠴᠠᠪᠠ᠃      ᠳᠡᠳ᠋ ᠲᠡᠷᠢᠭᠦᠯᠡᠭᠴᠢ ᠭᠦᠸᠧ ᠴᠠᠩ ᠠᠨ ᠬᠤᠷᠠᠯ ᠳᠤ ᠰᠤᠯᠠ ᠣᠷᠣᠯᠴᠠᠪᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠬᠤᠷᠠᠯ ᠳᠡᠭᠡᠷ᠎ᠡ᠂ ᠸᠠᠩ ᠸᠧᠨ ᠵᠢᠶᠧ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠢ ᠲᠥᠯᠥᠭᠡᠯᠡᠨ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠲᠣᠰ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢᠶᠠᠨ ᠮᠡᠳᠡᠭᠳᠡᠭᠰᠡᠨ ᠪᠥᠭᠡᠳ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠤᠨ ᠬᠠᠷᠢᠴᠠᠭᠤᠯᠤᠭᠰᠠᠨ ᠪᠠᠶᠢᠴᠠᠭᠠᠯᠳᠠ ᠬᠢᠪᠡ᠃      ᠳᠠᠷᠠᠭ᠎ᠠ ᠨᠢ᠂ ᠸᠠᠩ ᠸᠧᠨ ᠵᠢᠶᠧ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠭᠰᠠᠨ ᠪᠠᠶᠢᠴᠠᠭᠠᠯᠲᠠ ᠬᠢᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠨᠡᠷ ᠨᠢᠭᠡᠳ ᠨᠢᠭᠡ ᠪᠠᠷ ᠬᠠᠷᠢᠴᠠᠭᠤᠯᠤᠭᠰᠠᠨ ᠪᠠᠶᠢᠴᠠᠭᠠᠯᠲᠠ ᠬᠢᠵᠦ᠂ ᠬᠠᠷᠢᠯᠴᠠᠨ ᠰᠢᠭᠦᠮᠵᠢᠯᠡᠯ ᠥᠷᠨᠢᠭᠦᠯᠪᠡ᠃ ᠤᠯᠠᠨ ᠢᠶᠠᠷ ᠢᠶᠠᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ ᠶᠠᠷᠢᠶ᠎ᠠ ᠲᠠᠯᠪᠢᠵᠤ᠂ ᠠᠰᠠᠭᠤᠳᠠᠯ ᠢᠶᠠᠨ ᠵᠠᠳᠠᠯᠬᠤ ᠳᠠᠭᠠᠨ ᠨᠢᠭᠤᠵᠤ ᠳᠠᠯᠳᠠᠯᠠᠬᠤ ᠦᠭᠡᠢ ᠪᠠᠶᠢᠵᠤ᠂ ᠤᠬᠠᠮᠰᠠᠷ ᠠᠴᠠ ᠪᠠᠨ ᠨᠠᠮᠴᠢ ᠴᠢᠨᠠᠷ ᠤᠨ ᠳᠠᠪᠲᠠᠯᠲᠠ ᠶᠢ ᠬᠦᠯᠢᠶᠡᠬᠦ᠂ ᠰᠠᠨᠠᠭᠠᠴᠢᠯᠠᠭ᠎ᠠ ᠠᠴᠠ ᠪᠠᠨ ᠥᠪᠡᠷ ᠤᠨ ᠠᠰᠠᠭᠤᠳᠠᠯ ᠢᠶᠠᠨ ᠢᠯᠡᠷᠡᠭᠦᠯᠦᠨ ᠰᠢᠢᠳᠪᠦᠷᠢᠯᠡᠬᠦ ᠣᠪᠣᠷ ᠢᠶᠠᠨ ᠢᠯᠡᠷᠡᠭᠦᠯᠵᠦ᠂ ︽ᠪᠦᠯᠬᠦᠮᠳᠡᠬᠦ — ᠰᠢᠭᠦᠮᠵᠢᠯᠡᠬᠦ — ᠪᠦᠯᠬᠦᠮᠳᠡᠬᠦ︾ ᠦᠷ᠎ᠡ ᠪᠦᠲᠦᠮᠵᠢ ᠳᠤ ᠬᠦᠷᠴᠡᠢ᠃ ᠸᠠᠩ ᠸᠧᠨ ᠵᠢᠶᠧ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠬᠠᠮᠰᠠᠷ ᠠᠴᠠ ᠪᠠᠨ ︽ᠬᠤᠶᠠᠷ ᠢ ᠲᠣᠭᠲᠠᠭᠠᠬᠤ︾᠎ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠲᠠᠯ᠎ᠠ ᠪᠠᠷ ᠦᠯᠢᠬᠡᠷ ᠳᠠᠭᠤᠷᠢᠶᠠᠯ ᠪᠣᠯᠬᠤ ᠬᠡᠷᠡᠭᠲᠡᠢ᠃       ᠤᠨᠤᠯ ᠢᠶᠠᠷ ᠵᠡᠪᠰᠡᠭᠯᠡᠬᠦ ᠪᠠᠨ ᠴᠢᠩᠭᠠᠳᠬᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠬᠠᠮᠰᠠᠷ ᠠᠴᠠ ᠪᠠᠨ ᠲᠡᠦᠬᠡ ᠶᠢᠨ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠬᠦ ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠪᠠᠨ ᠴᠢᠩᠭᠠᠳᠬᠠᠬᠤ ᠂ ᠲᠡᠷᠢᠭᠦᠨ ᠤ ᠬᠢ ᠶᠢ ᠡᠭᠦᠳᠬᠦ ᠪᠠᠷ ᠵᠣᠷᠢᠭᠲᠠᠢ ᠪᠠᠷ ᠴᠢᠷᠮᠠᠶᠢᠬᠤ ᠲᠠᠯ᠎ᠠ ᠪᠠᠷ ᠤᠬᠠᠮᠰᠠᠷ ᠠᠴᠠ ᠪᠠᠨ ᠦᠯᠢᠭᠡᠷ ᠳᠠᠭᠤᠷᠢᠶᠠᠯ ᠪᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠨᠠᠢᠮᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠲᠤᠰᠬᠠᠢ ᠵᠥᠪᠯᠡᠬᠦ ᠪᠠᠶᠢᠭᠤᠯᠤᠮᠵᠢ ᠪᠣᠯᠤᠨ ᠴᠢᠬᠤᠯᠠ ᠠᠷᠭ᠎ᠠ ᠵᠠᠮ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠵᠡᠷᠭᠡ ᠴᠢᠬᠤᠯᠠ ᠶᠡᠭᠡ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠪᠠᠷᠠᠭᠠᠯᠬᠢᠯᠠᠯ ᠤᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠪᠠᠶᠢᠴᠠᠭᠠᠨ ᠰᠤᠳᠤᠯᠤᠯᠲᠠ ᠶᠢ ᠥᠷᠨᠢᠭᠦᠯᠬᠦ ᠬᠡᠷᠡᠭᠳᠡᠢ︔ ᠠᠷᠠᠳ ᠤᠨ ᠠᠮᠢᠳᠤᠷᠠᠯ ᠤᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠢᠳᠡᠪᠬᠢᠲᠡᠶ ᠪᠠᠷ ᠵᠥᠪᠳᠡᠯᠴᠡᠨ ᠵᠠᠰᠠᠭ ᠤᠨ ᠶᠠᠪᠤᠳᠠᠯ ᠢ ᠵᠥᠪᠯᠡᠵᠦ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠦᠪᠯᠡᠷᠡᠭᠦᠯᠦᠨ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠦᠷᠭᠦᠯᠵᠢᠯᠡᠨ ᠦᠷᠨᠢᠬᠦᠯᠬᠦ ᠬᠡᠷᠡᠭᠳᠡᠢ︔ ᠠᠷᠠᠳ ᠤᠨ ᠠᠮᠢᠳᠤᠷᠠᠯ ᠤᠨ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠠᠵᠢᠯ ᠢ ᠥᠷᠭᠡᠨ ᠢᠶᠠᠷ ᠬᠢᠵᠦ ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠪᠠ ᠦᠨᠳᠦᠰᠦᠨ ᠠᠰᠢᠭ ᠲᠤᠰᠠ ᠶᠢ ᠦᠨᠡᠨ ᠬᠦ ᠰᠠᠶᠢᠲᠤᠷ ᠬᠠᠮᠠᠭᠠᠯᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ᠂ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠵᠡᠷᠭᠡ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠲᠠᠰᠤᠷᠠᠯᠳᠠ ᠦᠭᠡᠢ ᠲᠦᠯᠬᠢᠨ ᠠᠬᠢᠭᠤᠯᠬᠤ ᠬᠡᠷᠡᠭᠳᠡᠢ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠤᠬᠠᠮᠰᠠᠷ ᠠᠴᠠ ᠪᠠᠨ ᠥᠪᠡᠷ ᠤᠨ ᠪᠡᠶ᠎ᠡ ᠳᠡᠭᠡᠨ ᠵᠣᠷᠢᠭᠲᠠᠢ ᠪᠠᠷ ᠬᠤᠪᠢᠰᠬᠠᠯ ᠬᠢᠬᠦ᠂ ᠤᠯᠤᠰ ᠲᠦᠷᠦ ᠶᠢᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠰᠢᠢᠳᠪᠦᠷᠢᠲᠦ ᠪᠤᠳᠤᠯᠭ᠎ᠠ ᠶᠢᠨ ᠠᠷᠠᠳᠴᠢᠯᠠᠯᠲᠠ᠂ ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠯᠲᠠ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠬᠤᠲᠠ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃  
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号