ᠪᠦᠬᠦ ᠴᠠᠷᠠᠭᠠᠨ ᠤ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ ᠤ ᠨᠡᠷᠡᠰ ᠢ ᠨᠡᠶᠢᠲᠡᠯᠡᠵᠦ᠂ ᠬᠠᠶᠢᠷᠤᠪ ᠤᠨ ᠲᠤᠬᠤᠢ ᠨᠡᠷᠡᠰ ᠤᠨ ᠵᠢᠭᠰᠠᠭᠠᠯᠲᠠ ᠳᠤ ᠤᠷᠤᠪᠠ ︵ᠭᠤᠷᠪᠠ︶
ᠨᠡᠶᠢᠲᠡᠯᠡᠭᠰᠡᠨ ᠴᠠᠭ᠄
2022/1/24
      ᠦᠬᠠᠶ ᠶᠢᠨ ᠤᠷᠭᠤᠮᠠᠯ ᠤᠨ ᠬᠦᠷᠢᠶᠡᠯᠡᠩ       ᠦᠬᠠᠢ ᠬᠤᠲᠠ ᠶᠢᠨ ᠤᠷᠭᠤᠮᠠᠯ ᠤᠨ ᠬᠦᠷᠢᠶᠡᠯᠡᠩ ᠨᠢ ᠬᠤᠲᠠ ᠶᠢᠨ ᠲᠣᠭᠤᠷᠢᠭ ᠤᠨ ᠬᠤᠶᠢᠲᠤ ᠪᠡᠶ᠎ᠡ ᠠᠴᠠ ᠪᠠᠷᠠᠭᠤᠨᠰᠢ ᠨᠢᠰᠬᠡᠯ ᠤᠨ ᠪᠠᠭᠤᠳᠠᠯ ᠬᠦᠷᠬᠦ ᠵᠠᠮ ᠳᠤ ᠪᠠᠶᠢᠷᠢᠯᠠᠵᠤ᠂ 2004 ᠣᠨ ᠳᠤ ᠵᠤᠭᠠᠴᠠᠭᠰᠠᠳ ᠲᠤ ᠨᠡᠭᠡᠭᠡᠵᠡᠢ ᠃ ᠣᠲᠣ ᠪᠣᠯ 2A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠᠶᠢᠵᠤ᠂ ᠵᠢᠯ ᠳᠤ 30 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ 140 ᠾᠧᠺᠲ᠋ᠠᠷ ᠭᠠᠵᠠᠷ ᠡᠵᠡᠯᠡᠨ᠂ ᠣᠶᠢᠵᠢᠭᠤᠯᠬᠤ᠂ ᠰᠣᠨᠢᠷᠬᠠᠬᠤ᠂ ᠵᠤᠭᠠᠴᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠳᠡᠯᠭᠡᠷᠡᠭᠦᠯᠦᠨ ᠠᠰᠢᠭᠯᠠᠬᠤ ᠶᠢ ᠨᠢᠭᠡ ᠴᠤᠭᠴᠠᠵᠢᠭᠤᠯᠤᠭᠰᠠᠨ ᠪᠠᠶᠢᠭᠠᠯᠢ ᠶᠢᠨ ᠮᠠᠶ᠋ᠢᠭ ᠤᠨ ᠴᠡᠴᠡᠷᠯᠢᠭ ᠪᠣᠯᠤᠨ᠎ᠠ᠃ ᠎           
             ᠎ ᠶᠢᠨ ᠱᠠ ᠸᠠᠨ ᠵᠢᠭᠤᠯᠴᠢᠯᠠᠯ ᠤᠨ ᠦᠵᠡᠮᠵᠢ ᠶᠢᠨ ᠣᠷᠣᠨ      ᠎ ᠶᠢᠨ ᠱᠠ ᠸᠠᠨ ᠤ ᠵᠤᠭᠠᠴᠠᠯ ᠤᠨ ᠦᠵᠡᠮᠵᠢ ᠶᠢᠨ ᠣᠷᠣᠨ ᠪᠣᠯ ᠤᠯᠤᠰ ᠤᠨ 4A ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠪᠣᠯᠤᠨ᠎ᠠ᠂ 2011 ᠣᠨ ᠳᠤ ᠳᠤᠮᠳᠠᠳᠤ ᠤᠯᠤᠰ ᠤᠨ ᠴᠦᠯᠯᠡᠷᠭᠡᠭᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠠᠴᠠ ︽ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠰᠠᠭᠤᠷᠢᠨ︾᠎ ᠢᠶᠠᠷ ᠦᠨᠡᠯᠡᠭᠳᠡᠪᠡ︔ ᠦᠵᠡᠮᠵᠢ ᠶᠢᠨ ᠣᠷᠣᠨ ᠤ ᠡᠵᠡᠩᠨᠡᠯᠲᠡ ᠶᠢᠨ ᠲᠦᠷᠦᠯ ᠵᠦᠢᠯ ᠳᠤ ᠡᠯᠡᠰᠦᠨ ᠴᠦᠯ ᠤᠨ ᠴᠠᠰᠤᠨ ᠳᠤ ᠭᠤᠯᠭᠤᠬᠤ ᠲᠠᠯᠠᠪᠠᠢ᠂ ᠶᠢᠨ ᠱᠠ ᠤᠷᠠᠯᠢᠭ ᠤᠨ ᠣᠷᠳᠣᠨ᠂ ᠲᠦᠢᠯ ᠤᠨ ᠲᠦᠷᠭᠡᠨ ᠬᠤᠷᠳᠤᠴᠠ ᠲᠠᠢ ᠲᠠᠯᠠᠪᠠᠢ ᠶᠢᠨ ᠺᠠᠷᠲ᠋ᠢᠩ ᠲᠡᠷᠭᠡ᠂ ᠡᠯᠡᠰᠦᠨ ᠴᠦᠯ ᠤᠨ ᠥᠪᠡᠷ ᠢᠶᠠᠨ ᠵᠢᠯᠣᠭᠤᠳᠬᠤ ᠲᠠᠩᠺ᠂ ᠡᠯᠡᠰᠦᠨ ᠴᠦᠯ ᠤᠨ ᠺᠠᠷᠲ᠋ᠢᠩ ᠲᠡᠷᠭᠡ᠂ ᠡᠯᠡᠰᠦᠨ ᠳᠠᠩ ᠤᠨ ᠮᠣᠲ᠋ᠣᠷ ᠲᠡᠷᠭᠡ᠂ ᠡᠯᠡᠰᠦᠨ ᠴᠦᠯ ᠤᠨ ᠬᠡᠭᠡᠷ᠎ᠡ ᠶᠢᠨ ᠲᠡᠷᠭᠡ᠂ ᠵᠣᠬᠢᠶᠠᠮᠠᠯ ᠨᠠᠭᠤᠷ ᠤᠨ ᠤᠰᠤᠨ ᠳᠡᠭᠡᠷᠡᠬᠢ ᠲᠦᠷᠦᠯ ᠵᠦᠢᠯ ᠵᠡᠷᠭᠡ ᠪᠤᠢ᠂ ᠤᠯᠠᠨ ᠵᠢᠯ ᠤᠨ ᠲᠤᠷᠰᠢ᠂ ᠦᠵᠡᠮᠵᠢ ᠶᠢᠨ ᠣᠷᠣᠨ ᠨᠡᠶᠢᠳᠡ 300 ᠭᠠᠷᠤᠢ ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠬᠦᠯᠢᠶᠡᠨ ᠠᠪᠴᠤ ᠵᠣᠴᠢᠯᠠᠪᠠ᠃
                          ᠣᠳᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠳᠤᠨ       ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ 160.5 ᠮᠥ ᠲᠠᠯᠠᠪᠠᠶ ᠲᠠᠢ᠂ ᠪᠠᠷᠢᠯᠭ᠎ᠠ ᠶᠢᠨ ᠲᠠᠯᠠᠪᠠᠶ ᠨᠢ 7.6 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 2016 ᠣᠨ ᠳᠤ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡ᠃ ᠪᠦᠬᠦ᠋ᠢᠯᠡ ᠪᠠᠷᠢᠯᠭ᠎ᠠ ᠨᠢ ᠲᠡᠭᠰᠢ ᠳᠥᠷᠪᠡᠯᠵᠢᠨ ᠢᠶᠠᠷ ᠭᠤᠣᠯᠯᠠᠵᠤ᠂ ᠳᠥᠷᠪᠡᠨ ᠲᠠᠯ᠎ᠠ ᠪᠠᠷ ᠢᠶᠠᠨ 24 ᠴᠠᠭᠠᠨ ᠭᠠᠨᠲᠢᠭ ᠴᠢᠯᠠᠭᠤ ᠪᠠᠷ ᠷᠣᠮᠠ ᠶᠢᠨ ᠪᠠᠭᠠᠨ᠎ᠠ ᠰᠡᠶᠢᠯᠵᠦ᠂ ᠰᠢᠷᠡᠭᠡᠳᠤ ᠠᠭᠤᠯᠠ ᠶᠢᠨ ᠬᠠᠳᠠᠨ ᠵᠢᠷᠤᠭ ᠤᠨ ᠲᠥᠯᠥᠭᠡᠯᠡᠬᠦ ᠪᠦᠲᠦᠭᠡᠯ ︽ᠨᠡᠷᠡᠨ ᠰᠠᠬᠢᠭᠤᠯᠰᠤᠨ︾᠎ ᠤ ᠵᠢᠷᠤᠭ ᠢᠶᠠᠷ ᠰᠢᠯ ᠬᠥᠮᠥᠭᠡᠷ ᠳᠡᠭᠡᠪᠦᠷ ᠢ ᠪᠦᠷᠬᠦᠵᠦ᠂ ᠲᠩᠷᠢ ᠲᠥᠭᠦᠷᠢᠭ ᠭᠠᠵᠠᠷ ᠤᠨ ᠪᠠᠷᠢᠯᠭ᠎ᠠ ᠶᠢᠨ ᠪᠠᠶᠢᠷᠢᠰᠢᠯ ᠢ ᠪᠦᠷᠢᠯᠳᠦᠭᠦᠯᠦᠨ᠂ ︽ᠲᠩᠷᠢ ᠬᠥᠮᠦᠨ ᠨᠢᠭᠡᠳᠬᠦ︾᠂ ︽ᠬᠠᠲᠠᠭᠤ ᠵᠥᠭᠡᠯᠡᠨ ᠢ ᠬᠤᠣᠰᠯᠠᠭᠤᠯᠬᠤ︾ ᠬᠡᠯᠪᠡᠷᠢ ᠶᠢᠨ ᠭᠤᠸ᠎ᠠ ᠪᠠ ᠤᠷᠠᠯᠢᠭ ᠤᠨ ᠭᠤᠸ᠎ᠠ ᠰᠠᠶᠢᠬᠠᠨ ᠢ ᠢᠯᠡᠳᠬᠡᠵᠦ᠂ ᠵᠢᠯ ᠪᠦᠷᠢ 40 ᠲᠦᠮᠡ ᠰᠢᠬᠠᠮ ᠬᠥᠮᠦᠨ ᠤᠳᠠᠭ᠎ᠠ ᠶᠢᠨ ᠲᠣᠭᠤᠷᠢᠨ ᠦᠵᠡᠬᠦ ᠶᠢ ᠬᠦᠯᠢᠶᠡᠨ ᠠᠪᠴᠤ ᠪᠠᠶᠢᠭ᠎ᠠ ᠶᠤᠮ᠃
             ᠬᠠᠨᠰᠧᠨ ᠠᠷᠢᠬᠢᠨ ᠫᠦᠰᠡ      ᠬᠠᠨᠰᠧᠨ ᠠᠷᠢᠬᠢᠨ ᠫᠦᠰᠡ ᠦᠬᠠᠢ ᠬᠤᠲᠠ ᠶᠢᠨ ᠬᠠᠶᠢᠷᠤᠪ ᠤᠨ ᠳᠤᠬᠤᠢ ᠲᠣᠭᠤᠷᠢᠭ ᠤᠨ ᠥᠨᠳᠥᠷ ᠦᠷ᠎ᠡ ᠠᠰᠢᠭᠲᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ 2011 ᠣᠨ ᠳᠤ᠂ ᠬᠠᠨᠰᠧᠨ ᠠᠷᠢᠬᠢᠨ ᠫᠦᠰᠡ ᠨᠢ ︽ᠤᠯᠤᠰ ᠤᠨ AAA ᠳᠡᠰ ᠤᠨ ᠵᠤᠭᠠᠴᠠᠯ ᠤᠨ ᠦᠵᠡᠮᠵᠢ ᠶᠢᠨ ᠣᠷᠣᠨ︾ ᠪᠣᠯᠤᠨ ︽ᠪᠦᠬᠦ ᠤᠯᠤᠰ ᠤᠨ ᠰᠡᠯᠡᠭᠦᠴᠡᠯ ᠤᠨ ᠲᠠᠷᠢᠶᠠᠯᠠᠩ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠣᠷᠣᠨ︾ ᠬᠡᠮᠡᠭᠳᠡᠪᠡ᠂ ᠠᠳᠡ ᠲᠠ ᠡᠯᠡᠰᠦᠨ ᠴᠦᠯ ᠤᠨ ᠨᠣᠭᠤᠭᠠᠨ ᠪᠦᠷᠢᠳᠦ ᠶᠢᠨ ᠦᠵᠡᠮᠵᠢ ᠶᠢ ᠲᠣᠭᠤᠷᠢᠨ ᠦᠵᠡᠵᠦ ᠰᠣᠨᠢᠷᠬᠠᠵᠤ ᠪᠣᠯᠬᠤ ᠪᠥᠭᠡᠳ ᠦᠵᠦᠮ ᠲᠠᠷᠢᠬᠤ ᠶᠢ ᠪᠡᠶᠡᠴᠢᠯᠡᠨ ᠣᠶᠢᠯᠠᠭᠠᠵᠤ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号