ᠬᠠᠶᠢᠷᠤᠪ ᠤᠨ ᠲᠤᠬᠤᠢ ᠲᠣᠭᠤᠷᠢᠭ ᠤᠨ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠡᠶᠢᠮᠦᠷᠬᠦ ᠣᠨᠴᠠᠭᠠᠢ | ᠬᠢᠵᠢᠭ ᠢ ᠡᠰᠡᠷᠭᠦᠴᠡᠬᠦ ᠪᠠᠴᠢᠮ ᠪᠠᠶᠢᠳᠠᠯ ᠢ ᠠᠷᠭᠠᠴᠠᠬᠤ ᠮᠠᠰᠢᠨ ᠲᠡᠷᠭᠡᠨ ᠤ ᠠᠩᠬᠢ ᠢᠳᠡᠪᠬᠢᠲᠡᠢ ᠶᠠᠪᠤᠭᠳᠠᠵᠤ᠂ | ᠲᠡᠳᠡ ᠡᠳᠦᠷ ᠪᠦᠷᠢ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠪᠥᠭᠡᠮ ᠬᠦᠴᠢᠯ ᠢ ᠰᠢᠯᠭᠠᠨ ᠪᠠᠶᠢᠴᠠᠭᠠᠵᠤ | ᠦᠯᠢᠭᠡᠷ ᠠᠪᠬᠤ ᠴᠡᠭ ᠪᠣᠯᠤᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠡᠮᠨᠡᠯᠭᠡ ᠶᠢᠨ ᠬᠤᠷᠢᠶᠠᠨ ᠤ ᠬᠤᠭᠤᠷᠣᠨᠳᠣ | ᠨᠠᠰᠢ ᠴᠠᠰᠢ ᠰᠦᠯᠵᠢᠯᠳᠦᠵᠦ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠦᠯᠢᠭᠡᠷ ᠬᠡᠪ ᠢ ︽ᠲᠦᠷᠭᠡᠨ | ᠵᠥᠭᠡᠭᠡᠪᠦᠷᠢᠯᠡᠬᠦ︾ ᠡᠭᠦᠷᠭᠡ ᠶᠢ ᠡᠭᠦᠷᠭᠡᠯᠡᠵᠦ ᠪᠤᠢ᠃ | | | | | ᠬᠠᠶᠢᠷᠤᠪ ᠤᠨ ᠲᠤᠬᠤᠢ ᠲᠣᠭᠤᠷᠢᠭ ᠤᠨ ᠴᠡᠴᠡᠷᠯᠢᠭ ᠤᠨ ᠬᠤᠶᠢᠲᠤ ᠡᠭᠦᠳᠡᠨ ᠤ ᠪᠥᠭᠡᠮ ᠬᠦᠴᠢᠯ ᠢ ᠰᠢᠯᠭᠠᠨ | ᠪᠠᠶᠢᠴᠠᠭᠠᠵᠤ ᠦᠯᠢᠭᠡᠷ ᠠᠪᠬᠤ ᠴᠡᠭ ᠤᠨ ᠰᠤᠷᠪᠤᠯᠵᠢᠯᠠᠭᠴᠢ ᠶᠢᠨ ᠣᠯᠵᠤ ᠦᠵᠡᠭᠰᠡᠨ ᠢᠶᠠᠷ᠂ ᠲᠦᠷᠢᠶᠡᠰᠦᠨ ᠮᠠᠰᠢᠨ | ᠲᠡᠷᠭᠡᠨ ᠤ ᠵᠢᠯᠣᠭᠤᠴᠢ ᠷᠧᠨ ᠯᠢ ᠵᠢᠶᠦ᠋ᠨ ᠮᠠᠰᠢᠨ ᠲᠡᠷᠭᠡ ᠶᠢ ᠪᠦᠬᠦ ᠲᠠᠯ᠎ᠠ ᠪᠠᠷ ᠤᠰᠠᠳᠬᠠᠵᠤ᠂ ᠪᠥᠭᠡᠮ ᠬᠦᠴᠢᠯ ᠢ | ᠰᠢᠯᠭᠠᠨ ᠪᠠᠶᠢᠴᠠᠭᠠᠬᠤ ᠡᠮᠨᠡᠯᠭᠡ ᠶᠢᠨ ᠬᠤᠷᠢᠶ᠎ᠠ ᠳᠤ ᠬᠠᠮᠤᠭ ᠤᠨ ᠰᠢᠨ᠎ᠡ ᠨᠢᠭᠡ ᠪᠦᠯᠦᠭ ᠪᠥᠭᠡᠮ ᠬᠦᠴᠢᠯ ᠢ ᠰᠢᠯᠭᠠᠨ | ᠪᠠᠶᠢᠴᠠᠭᠠᠬᠤ ᠦᠯᠢᠭᠡᠷ ᠬᠡᠪ ᠢ ᠬᠦᠷᠭᠡᠬᠦ ᠪᠠᠷ ᠪᠡᠯᠡᠳᠬᠡᠵᠦ ᠪᠤᠢ᠃ ᠷᠧᠨ ᠯᠢ ᠵᠢᠶᠦ᠋ᠨ ᠰᠤᠷᠪᠤᠯᠵᠢᠯᠠᠭᠴᠢ ᠳᠤ | ᠬᠡᠯᠡᠬᠦ ᠳᠡᠭᠡᠨ᠂ ᠲᠡᠭᠦᠨ ᠤ ᠬᠠᠷᠢᠭᠤᠴᠠᠵᠤ ᠪᠠᠶᠢᠭ᠎ᠠ ᠴᠡᠭ ᠪᠣᠯ ᠬᠤᠲᠠ ᠶᠢᠨ ᠲᠣᠭᠤᠷᠢᠭ ᠤᠨ ᠲᠣᠭᠲᠠᠮᠠᠯ ᠪᠥᠭᠡᠮ | ᠬᠦᠴᠢᠯ ᠤᠨ ᠰᠢᠯᠭᠠᠨ ᠪᠠᠶᠢᠴᠠᠭᠠᠯᠲᠠ ᠶᠢᠨ ᠥᠯᠢᠭᠡᠷ ᠠᠪᠬᠤ ᠴᠡᠭ ᠲᠤ ᠬᠠᠷᠢᠶᠠᠯᠠᠭᠳᠠᠨ᠎ᠠ᠂ ᠡᠳᠦᠷ ᠪᠦᠷᠢ | ᠥᠷᠯᠥᠭᠡ ᠶᠢᠨ 8 ᠴᠠᠭ ᠠᠴᠠ ᠦᠳᠡ ᠶᠢᠨ ᠬᠤᠶᠢᠨᠠᠬᠢ 6 ᠴᠠᠭ ᠲᠤ ᠳᠠᠭᠤᠰᠤᠨ᠎ᠠ᠂ ᠡᠳᠦᠷ ᠲᠤ ᠬᠠᠮᠤᠭ ᠤᠨ | ᠪᠠᠭ᠎ᠠ ᠳᠠᠭᠠᠨ 4 ᠤᠳᠠᠭ᠎ᠠ ᠢᠷᠡᠵᠦ ᠪᠤᠴᠠᠨ᠎ᠠ᠂ ᠤᠳᠠᠭ᠎ᠠ ᠪᠦᠷᠢ 3 ᠥᠯᠢᠭᠡᠷ ᠠᠪᠬᠤ ᠴᠡᠭ ᠤᠨ ᠲᠡᠭᠡᠭᠡᠪᠦᠷᠢᠯᠡᠨ | ᠬᠦᠷᠭᠡᠬᠦ ᠡᠭᠦᠷᠭᠡ ᠶᠢ ᠬᠠᠷᠢᠭᠤᠴᠠᠨ᠎ᠠ᠂ 20 ᠬᠡᠳᠦᠨ ᠵᠢᠯ ᠲᠡᠷᠭᠡ ᠵᠢᠯᠣᠭᠤᠳᠴᠠᠶ᠂ ᠭᠡᠲᠡᠯ᠎ᠡ ᠡᠨᠡ ᠬᠤᠭᠤᠴᠠᠭᠠᠨ ᠳᠤ | ᠲᠡᠭᠡᠭᠡᠭᠰᠡᠨ ︽ᠵᠣᠴᠢᠨ︾ ᠨᠢ ᠬᠠᠷᠢᠨ ᠰᠠᠶ᠋ᠢᠬᠠᠨ ᠴᠤᠭᠯᠠᠭᠤᠯᠤᠭᠰᠠᠨ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠶᠢᠨ ᠥᠯᠢᠭᠡᠷ ᠳᠡᠪᠲᠡᠷ ᠪᠣᠯᠤᠨ᠎ᠠ ᠭᠡᠵᠦ ᠪᠤᠳᠤᠵᠤ ᠣᠯᠤᠭᠰᠠᠨ ᠥᠬᠡᠶ᠃ | | ᠪᠥᠭᠡᠮ ᠬᠦᠴᠢᠯ ᠢ ᠲᠡᠭᠡᠭᠡᠪᠦᠷᠢᠯᠡᠨ ᠬᠦᠷᠭᠡᠬᠦ ᠪᠠᠶᠢᠴᠠᠭᠠᠯᠲᠠ ᠶᠢᠨ ᠵᠠᠭᠪᠤᠷ ᠪᠣᠯ ᠨᠢᠭᠡ ᠵᠦᠢᠯ ᠤᠨ ᠬᠦᠴᠦᠨ ᠤ | ᠠᠵᠢᠯ ᠮᠥᠨ᠂ ᠨᠡᠩ ᠴᠤ ᠨᠢᠭᠡ ᠵᠦᠢᠯ ᠤᠨ ᠨᠠᠷᠢᠯᠢᠭ ᠠᠵᠢᠯ ᠮᠥᠨ᠃ ᠶᠡᠭᠡ ᠵᠠᠮ ᠢᠶᠠᠷ ᠶᠠᠪᠤᠵᠤ᠂ ᠵᠥᠷᠢᠭ | ᠵᠠᠮ ᠢᠶᠠᠷ ᠲᠣᠭᠤᠷᠢᠵᠤ᠂ ᠲᠣᠭᠲᠠᠭᠰᠠᠨ ᠴᠠᠭ ᠲᠤ ᠥᠯᠢᠭᠡᠷ ᠡᠳ᠋ ᠢᠶᠠᠨ ᠰᠢᠯᠭᠠᠨ ᠪᠠᠶᠢᠴᠠᠭᠠᠬᠤ ᠡᠮᠨᠡᠯᠭᠡ ᠳᠤ ᠬᠦᠷᠭᠡᠬᠦ | ᠪᠣᠯ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠨᠠᠷ ᠤᠨ ᠳᠠᠪᠠᠭᠤᠯᠢᠭ ᠲᠠᠯ᠎ᠠ ᠪᠣᠯᠤᠨ᠎ᠠ᠃ ᠤᠳᠠᠭ᠎ᠠ ᠪᠦᠷᠢ ᠶᠢᠨ | ᠳᠠᠮᠵᠢᠭᠤᠯᠤᠨ ᠲᠡᠭᠡᠭᠡᠪᠦᠷᠢᠯᠡᠬᠦ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ᠂ ᠵᠢᠯᠣᠭᠤᠴᠢ ᠪᠣᠯᠤᠨ ᠮᠠᠰᠢᠨ ᠲᠡᠷᠭᠡ ᠶᠢ | ᠤᠰᠠᠳᠬᠠᠬᠤ ᠵᠡᠷᠭᠡ ᠠᠯᠢ ᠣᠯᠠᠨ ᠶᠠᠷᠰᠢᠭ ᠲᠦᠪᠡᠭᠲᠡᠶ ᠠᠷᠭ᠎ᠠ ᠬᠡᠮᠵᠢᠶ᠎ᠡ ᠨᠢ ᠪᠠᠭᠰᠢ ᠨᠠᠷ ᠤᠨ ᠲᠣᠬᠢᠷᠠᠭᠤᠯᠭ᠎ᠠ | ᠵᠣᠬᠢᠴᠠᠭᠤᠯᠭ᠎ᠠ ᠳᠤ ᠪᠠᠭ᠎ᠠ ᠪᠤᠰᠤ ᠥᠷᠢᠰᠥᠯᠳᠦᠭᠡᠨ ᠠᠪᠴᠢᠷᠠᠭᠰᠠᠨ ᠪᠠᠶᠢᠨ᠎ᠠ᠃ ᠬᠡᠳᠦ᠋ᠢᠪᠡᠷ ᠡᠶᠢᠮᠦ ᠪᠣᠯᠪᠠᠴᠤ᠂ | ᠣᠯᠠᠨ ᠢᠶᠠᠷ ᠢᠶᠠᠨ ᠮᠥᠨ ᠯᠡ ᠢᠯᠡᠷᠬᠡᠶᠢᠯᠡᠬᠦ ᠳᠡᠭᠡᠨ᠂ ᠲᠡᠷᠭᠡᠨ ᠳᠡᠭᠡᠷ᠎ᠡ ᠵᠣᠴᠢᠨ ᠬᠦᠷᠭᠡᠭᠰᠡᠨ ᠴᠦ ᠲᠡᠷᠡ᠂ | ᠴᠥᠮ᠎ᠡ ᠶᠢᠨ ᠬᠦᠴᠢᠯ ᠤᠨ ᠰᠢᠯᠭᠠᠨ ᠪᠠᠶᠢᠴᠠᠭᠠᠯᠲᠠ ᠶᠢᠨ ᠵᠠᠭᠪᠤᠷ ᠢ ᠬᠦᠷᠭᠡᠭᠰᠡᠨ ᠴᠦ ᠲᠡᠷᠡ᠂ ᠲᠠᠳᠠ ᠴᠥᠮ | ᠤᠶᠢᠯᠡᠴᠢᠯᠡᠬᠦ ᠡᠲᠡᠭᠡᠳ ᠢᠶᠠᠨ ᠲᠡᠷᠡ ᠳᠠᠷᠤᠶ ᠳᠤᠨᠢ ᠵᠣᠷᠢᠭᠰᠠᠨ ᠭᠠᠵᠠᠷ ᠲᠠᠭᠠᠨ ᠠᠮᠤᠷ ᠲᠦᠪᠰᠢᠨ ᠢᠶᠠᠷ ᠬᠦᠷᠭᠡᠬᠦ | ᠢᠲᠡᠭᠡᠯ ᠲᠠᠢ ᠪᠠᠶᠢᠨ᠎ᠠ ᠭᠡᠵᠡᠶ᠃ | ᠬᠢᠵᠢᠭ ᠤᠨ ᠪᠠᠶᠢᠳᠠᠯ ᠢ ᠪᠠᠶᠢᠩᠭᠤᠵᠢᠭᠤᠯᠬᠤ ᠶᠠᠪᠤᠴᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠵᠠᠮ | ᠬᠠᠷᠢᠯᠴᠠᠭᠠᠨ ᠤ ᠲᠤᠪᠴᠢᠶ᠎ᠠ ᠪᠣᠯᠤᠨ ᠲᠦᠷᠢᠶᠡᠰᠦᠨ ᠮᠠᠰᠢᠨ ᠲᠡᠷᠭᠡ ᠡᠵᠡᠩᠨᠡᠬᠦ 8 ᠠᠵᠤ ᠠᠬᠤᠶᠢᠯᠠᠯ ᠬᠠᠮᠲᠤᠪᠠᠷ | ᠪᠥᠭᠡᠮ ᠬᠦᠴᠢᠯ ᠢ ᠪᠠᠶᠢᠴᠠᠭᠠᠨ ᠬᠡᠮᠵᠢᠬᠦ ᠵᠠᠭᠪᠤᠷ ︽ᠵᠥᠭᠡᠭᠡᠪᠦᠷᠢᠯᠡᠨ ᠬᠦᠷᠭᠡᠬᠦ ᠪᠦᠰᠡ︾ ᠶᠢ ᠪᠠᠶᠢᠭᠤᠯᠵᠤ᠂ | ᠲᠦᠷᠢᠶᠡᠰᠦᠨ ᠮᠠᠰᠢᠨ ᠲᠡᠷᠭᠡᠨ ᠤ ᠠᠵᠢᠯ ᠲᠦᠷᠦᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠠᠶᠢᠷᠤᠪ ᠤᠨ | ᠲᠤᠬᠤᠢ ᠲᠣᠭᠤᠷᠢᠭ ᠤᠨ ᠪᠥᠭᠡᠮ ᠬᠦᠴᠢᠯ ᠢ ᠴᠤᠭᠯᠠᠭᠤᠯᠬᠤ ᠵᠠᠭᠪᠤᠷ ᠢ ᠰᠢᠯᠵᠢᠭᠦᠯᠦᠨ ᠵᠥᠭᠡᠭᠡᠪᠦᠷᠢᠯᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠵᠡᠢ᠃ ᠣᠳᠣᠬᠠᠨ ᠳᠤ᠂ ᠬᠠᠶᠢᠷᠤᠪ ᠤᠨ ᠲᠤᠬᠤᠢ ᠲᠣᠭᠤᠷᠢᠭ ᠲᠤ ᠪᠥᠭᠡᠮ ᠬᠦᠴᠢᠯ ᠢ | ᠰᠢᠯᠭᠠᠨ ᠪᠠᠶᠢᠴᠠᠭᠠᠵᠤ ᠦᠯᠢᠭᠡᠷ ᠠᠪᠬᠤ ᠴᠡᠭ ᠨᠡᠶᠢᠳᠡ 196 ᠭᠠᠷᠭᠠᠵᠤ᠂ 100 ᠭᠠᠷᠤᠢ ᠲᠦᠷᠢᠶᠡᠰᠦᠨ ᠮᠠᠰᠢᠨ | ᠲᠡᠷᠭᠡ ᠶᠢ ᠬᠥᠳᠡᠯᠭᠡᠵᠦ᠂ ᠬᠡᠰᠡᠭ ᠬᠤᠪᠢᠶᠠᠭᠰᠠᠨ ᠣᠷᠣᠨ ᠤ ᠲᠣᠭᠲᠠᠮᠠᠯ ᠵᠢᠯᠣᠭᠤᠴᠢ ᠶᠢᠨ ᠬᠡᠯᠪᠡᠷᠢ ᠪᠠᠷ ᠡᠯ᠎ᠡ ᠪᠥᠭᠡᠮ | ᠬᠦᠴᠢᠯ ᠢ ᠰᠢᠯᠭᠠᠨ ᠪᠠᠶᠢᠴᠠᠭᠠᠵᠤ ᠦᠯᠢᠭᠡᠷ ᠠᠪᠬᠤ ᠴᠡᠭ ᠤᠨ ᠪᠥᠭᠡᠮ ᠬᠦᠴᠢᠯ ᠢ ᠰᠢᠯᠭᠠᠨ ᠪᠠᠶᠢᠴᠠᠭᠠᠵᠤ ᠦᠯᠢᠭᠡᠷ | ᠠᠪᠬᠤ ᠵᠠᠭᠪᠤᠷ ᠢ ᠳᠠᠮᠵᠢᠭᠤᠯᠤᠨ ᠵᠥᠭᠡᠭᠡᠪᠦᠷᠢᠯᠡᠵᠦ᠂ ᠪᠥᠭᠡᠮ ᠬᠦᠴᠢᠯ ᠨᠢᠭᠡᠪᠦᠷᠢ ᠶᠢᠨ ᠠᠮᠤᠷ ᠲᠦᠪᠰᠢᠨ ᠢᠶᠠᠷ ︽ | ᠲᠠᠯᠠᠪᠤᠷ ᠰᠢᠯᠵᠢᠬᠦ︾ ᠶᠢ ᠪᠠᠲᠤᠯᠠᠵᠤ ᠪᠤᠢ᠃ | | |