ᠦᠬᠠᠢ ᠠᠴᠠ ᠰᠠᠯᠤᠭᠰᠠᠨ ᠬᠥᠮᠦᠰ ᠢ ᠬᠠᠮᠢᠶᠠᠷᠤᠨ ᠡᠵᠡᠮᠳᠡᠬᠦ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2022/10/13
      ᠣᠳᠣᠬᠠᠨ ᠳᠤ ᠪᠦᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠲᠦᠢᠯ ᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠵᠤ᠂ ᠡᠭᠦᠨ ᠤ ᠳᠡᠭᠡᠷ᠎ᠡ ᠤᠮᠢᠺᠷᠤᠨ ᠸᠢᠷᠦᠰ ᠤᠨ ᠲᠠᠷᠬᠠᠭᠠᠯᠲᠠ ᠶᠢᠨ ᠨᠢᠭᠤᠭᠳᠠᠮᠠᠯ ᠴᠢᠨᠠᠷ᠂ ᠲᠠᠷᠬᠠᠭᠠᠯᠲᠠ ᠶᠢᠨ ᠴᠢᠳᠠᠪᠤᠷᠢ ᠴᠢᠩᠭ᠎ᠠ ᠵᠡᠷᠭᠡ ᠣᠨᠴᠠᠯᠢᠭ ᠠᠴᠠ ᠪᠣᠯᠵᠤ᠂ ᠬᠢᠵᠢᠭ ᠤᠨ ᠪᠠᠶᠢᠳᠠᠯ ᠤᠨ ᠲᠠᠷᠬᠠᠯᠲᠠ ᠶᠢ ᠡᠷᠡᠰ ᠪᠦᠲᠦᠮᠵᠢᠲᠡᠶ ᠬᠤᠷᠢᠭᠯᠠᠵᠤ᠂ ᠬᠢᠵᠢᠭ ᠤᠨ ᠭᠠᠳᠠᠭᠰᠢ ᠳᠡᠯᠭᠡᠷᠡᠬᠦ ᠶᠢ ᠰᠡᠷᠭᠡᠶᠢᠯᠡᠬᠦ ᠶᠢᠨ ᠲᠥᠯᠥᠭᠡ᠂ ᠨᠢᠰᠬᠡᠯ᠂ ᠭᠠᠯᠲᠤ ᠲᠡᠷᠭᠡ᠂ ᠬᠤᠯᠠ ᠵᠠᠮ ᠤᠨ ᠠᠶᠠᠨᠴᠢᠳ ᠤᠨ ᠮᠠᠰᠢᠨ ᠲᠡᠷᠭᠡᠨ ᠳᠤ ᠰᠠᠭᠤᠬᠤ ᠵᠢᠴᠢ ᠦᠬᠠᠶ ᠠᠴᠠ ᠥᠪᠡᠷ ᠢᠶᠠᠨ ᠲᠡᠷᠭᠡ ᠵᠢᠯᠣᠭᠤᠳᠴᠤ ᠶᠠᠪᠤᠬᠤ ᠬᠥᠮᠦᠰ ᠲᠤ 48 ᠴᠠᠭ ᠲᠤ 2 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ 2 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠴᠠᠭ ᠢ 24 ᠴᠠᠭ ᠠᠴᠠ ᠳᠡᠭᠡᠭᠰᠢ ︵ᠥᠯᠢᠭᠡᠷ ᠠᠪᠬᠤ ᠴᠠᠭ ᠢᠶᠠᠷ ᠪᠠᠷᠢᠮᠵᠢᠶ᠎ᠠ ᠪᠣᠯᠭᠠᠨ᠎ᠠ︶ ᠠᠯᠤᠰᠯᠠᠵᠤ᠂ ᠬᠠᠩᠭᠠᠵᠤ ᠳᠡᠶᠢᠯᠬᠦ ᠥᠬᠡᠶ ᠶᠢ ᠨᠢ ᠪᠦᠬᠦᠨ ᠢ ᠢᠳᠬᠠᠨ ᠪᠤᠴᠠᠭᠠᠵᠤ᠂ ᠦᠬᠠᠶ ᠠᠴᠠ ᠰᠠᠯᠵᠤ ᠪᠣᠯᠬᠤ ᠥᠬᠡᠶ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃     ᠦᠬᠠᠶ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                         2022 ᠣᠨ ᠤ 10 ᠰᠠᠷ᠎ᠠ ᠶᠢᠨ 12᠎ ᠤ ᠡᠳᠤᠷ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号