ᠪᠦᠬᠦ ᠬᠤᠲᠠ ᠶᠢᠨ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠵᠣᠷᠢᠭᠤᠯᠤᠭᠰᠠᠨ ᠲᠠᠭᠰᠢᠭᠤᠷ ᠤᠨ ᠸᠠᠺᠼᠢᠨ ᠢ ᠲᠥᠯᠥᠪᠦᠷᠢ ᠦᠭᠡᠢ ᠲᠠᠷᠢᠬᠤ ᠠᠯᠪᠠᠨ ᠵᠠᠷ
ᠨᠡᠶᠢᠲᠡᠯᠡᠭᠰᠡᠨ ᠴᠠᠭ᠄
2022/10/13
      ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠤᠶᠢᠯᠡᠳᠤᠯᠭᠡ ᠶᠢᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 2022 ᠣᠨ ᠤ 10 ᠰᠠᠷ᠎ᠠ ᠶᠢᠨ 17᠎ ᠤ ᠡᠳᠦᠷ ᠠᠴᠠ 11 ᠰᠠᠷ᠎ᠠ ᠶᠢᠨ 30᠎ ᠤ ᠡᠳᠦᠷ ᠪᠣᠯᠲᠠᠯ᠎ᠠ᠂ ᠪᠥᠬᠦ ᠬᠤᠲᠠ ᠶᠢᠨ 65 ᠨᠠᠰᠤᠨ ᠠᠴᠠ ᠳᠡᠭᠡᠭᠰᠢᠬᠢ ︵1957 ᠣᠨ ᠤ 12 ᠰᠠᠷ᠎ᠠ ᠶᠢᠨ 31᠎ ᠤ ᠡᠳᠦᠷ ᠠᠴᠠ ᠡᠮᠦᠨ᠎ᠡ ᠲᠥᠷᠥᠭᠰᠡᠨ︶ ᠨᠠᠰᠤᠲᠠᠶᠢᠴᠤᠳ ᠲᠤ ᠰᠤᠶᠢᠤᠡᠭᠡᠯ ᠬᠤᠷᠢᠶᠠᠬᠤ ᠥᠬᠡᠶ ᠪᠠᠷ ᠲᠠᠭᠰᠢᠭᠤᠷ ᠤᠨ ᠸᠠᠺᠼᠢᠨ ᠤ ᠲᠠᠷᠢᠯᠭ᠎ᠠ ᠬᠢᠬᠦ ᠪᠠᠷ ᠪᠣᠶ᠃ ᠰᠤᠶᠢᠤᠡᠭᠡᠯ ᠬᠤᠷᠢᠶᠠᠬᠤ ᠥᠬᠡᠶ ᠪᠠᠷ ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ ᠰᠠᠭᠤᠭᠠᠯᠢ ᠠᠷᠠᠳ ᠪᠦᠬᠦᠨ ᠬᠦᠴᠦᠨ ᠪᠥᠬᠦᠶ ᠪᠡᠶ᠎ᠡ ᠶᠢᠨ ᠦᠨᠡᠮᠯᠡᠯ ᠢᠶᠠᠨ ᠠᠪᠴᠤ ᠣᠶᠢᠷ᠎ᠠ ᠬᠠᠪᠢ ᠶᠢᠨ ᠬᠠᠯᠳᠠᠪᠤᠷᠢᠲᠤ ᠲᠠᠭᠰᠢᠭᠤᠷ ᠤᠨ ᠸᠠᠺᠼᠢᠨ ᠤ ᠲᠠᠷᠢᠯᠭ᠎ᠠ ᠶᠢᠨ ᠴᠡᠭ ᠲᠤ ᠬᠦᠷᠴᠦ ᠲᠠᠷᠢᠯᠭ᠎ᠠ ᠬᠢᠬᠦ ᠬᠡᠷᠡᠭᠲᠡᠶ᠃ ᠡᠷᠦᠬᠡ ᠠᠮᠠ ᠶᠢᠨ ᠲᠠᠩᠰᠠ ᠨᠢ ᠦᠬᠠᠶ ᠬᠤᠲᠠ ᠳᠤ ᠪᠠᠶᠢᠬᠤ ᠥᠬᠡᠶ ᠪᠣᠯᠪᠠᠴᠤ ᠦᠬᠠᠶ ᠳᠤ ᠬᠠᠭᠠᠰ ᠵᠢᠯ ᠠᠴᠠ ᠳᠡᠭᠡᠭᠰᠢ ᠰᠠᠭᠤᠭᠰᠠᠨ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠣᠷᠣᠰᠢᠨ ᠰᠠᠭᠤᠵᠤ ᠪᠠᠶᠢᠭ᠎ᠠ ᠭᠠᠵᠠᠷ ᠤᠨ ᠢᠶᠠᠨ ᠰᠠᠭᠤᠭᠠᠯᠢ ᠠᠷᠠᠳ ᠤᠨ ᠵᠥᠪᠯᠡᠯ ᠤᠨ ᠭᠠᠷᠭᠠᠭᠰᠠᠨ ᠣᠷᠣᠰᠢᠨ ᠰᠠᠭᠤᠬᠤ ᠴᠠᠭ᠂ ᠣᠷᠣᠨ ᠰᠠᠭᠤᠴᠠ ᠶᠢᠨ ᠵᠢᠵᠢᠭ ᠲᠣᠭᠤᠷᠢᠭ᠂ ᠠᠰᠠᠷ ᠤᠨ ᠲᠤᠭ᠎ᠠ ᠵᠢᠴᠢ ᠡᠭᠦᠳᠡᠨ ᠨᠣᠮᠧᠷ ᠵᠡᠷᠭᠡ ᠶᠢᠨ ᠭᠡᠷᠡᠴᠢ ᠶᠢ ᠬᠠᠩᠭᠠᠳᠠᠭ ᠯᠠ ᠶᠤᠮ ᠪᠣᠯ ᠲᠣᠰ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠤᠨ᠎ᠠ᠃       ᠦᠬᠠᠶ ᠬᠤᠲᠠ ᠶᠢᠨ ᠲᠠᠬᠤᠯ ᠲᠠᠭᠰᠢᠭᠤᠷ ᠤᠨ ᠸᠠᠺᠼᠢᠨ ᠤ ᠲᠠᠷᠢᠯᠭ᠎ᠠ ᠶᠢᠨ ᠨᠢᠭᠡᠴᠡ ᠶᠢᠨ ᠨᠡᠷᠡᠰ᠄       ᠬᠠᠶᠢᠷᠤᠪ ᠤᠨ ᠲᠤᠬᠤᠢ ᠲᠣᠭᠤᠷᠢᠭ᠄       ᠰᠢᠨᠬᠤᠸᠠ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ       ᠰᠢᠨᠬᠤᠸᠠ ᠪᠠᠷᠠᠭᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ       ᠹᠧᠩ ᠬᠤᠸᠠᠩ ᠯᠢᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ       ᠪᠢᠨ ᠾᠧ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ       ᠬᠠᠶᠢᠪᠸᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ       ᠯᠢᠨ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ       ᠴᠡᠭᠡᠯ ᠠᠭᠤᠯᠠ ᠪᠠᠯᠭᠠᠰᠤᠨ ᠤ ᠲᠦᠪ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠬᠤᠷᠢᠶ᠎ᠠ      ᠴᠡᠭᠡᠯ ᠠᠭᠤᠯᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ       ᠬᠠᠶᠢᠨᠠᠨ ᠲᠣᠭᠤᠷᠢᠭ᠄     ᠷᠠᠰᠢᠵᠤᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ    ᠭᠦᠬᠤᠰᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ    ᠪᠠᠶᠠᠨᠲᠤᠬᠤᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ      ᠤᠳᠠ ᠲᠣᠭᠤᠷᠢᠭ ᠄     ᠪᠠᠶᠠᠨᠰᠠᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ    ᠰᠢᠨ ᠳ᠋ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ     ᠡᠦ ᠬᠤ᠋ ᠱᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ    ᠪᠢᠨ ᠬᠠᠶ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ    ᠤᠯᠠᠭᠠᠨᠨᠠᠭᠤᠷ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ     ᠮᠢᠨ ᠳ᠋ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ               2022 ᠣᠨ ᠤ 10 ᠰᠠᠷ᠎ᠠ ᠶᠢᠨ 12᠎ ᠤ ᠡᠳᠤᠷ 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号