ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ | ᠥᠭᠬᠦ︾ ᠤᠶᠢᠯᠡᠳᠤᠯᠭᠡ ᠶᠢᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ | ᠲᠥᠯᠥᠭᠡ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 2022 ᠣᠨ ᠤ 10 ᠰᠠᠷ᠎ᠠ ᠶᠢᠨ | 17 ᠤ ᠡᠳᠦᠷ ᠠᠴᠠ 11 ᠰᠠᠷ᠎ᠠ ᠶᠢᠨ 30 ᠤ ᠡᠳᠦᠷ ᠪᠣᠯᠲᠠᠯ᠎ᠠ᠂ ᠪᠥᠬᠦ ᠬᠤᠲᠠ ᠶᠢᠨ 65 ᠨᠠᠰᠤᠨ ᠠᠴᠠ | ᠳᠡᠭᠡᠭᠰᠢᠬᠢ ︵1957 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠲᠥᠷᠥᠭᠰᠡᠨ︶ | ᠨᠠᠰᠤᠲᠠᠶᠢᠴᠤᠳ ᠲᠤ ᠰᠤᠶᠢᠤᠡᠭᠡᠯ ᠬᠤᠷᠢᠶᠠᠬᠤ ᠥᠬᠡᠶ ᠪᠠᠷ ᠲᠠᠭᠰᠢᠭᠤᠷ ᠤᠨ ᠸᠠᠺᠼᠢᠨ ᠤ ᠲᠠᠷᠢᠯᠭ᠎ᠠ ᠬᠢᠬᠦ ᠪᠠᠷ ᠪᠣᠶ᠃ | ᠰᠤᠶᠢᠤᠡᠭᠡᠯ ᠬᠤᠷᠢᠶᠠᠬᠤ ᠥᠬᠡᠶ ᠪᠠᠷ ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ ᠰᠠᠭᠤᠭᠠᠯᠢ ᠠᠷᠠᠳ ᠪᠦᠬᠦᠨ ᠬᠦᠴᠦᠨ | ᠪᠥᠬᠦᠶ ᠪᠡᠶ᠎ᠡ ᠶᠢᠨ ᠦᠨᠡᠮᠯᠡᠯ ᠢᠶᠠᠨ ᠠᠪᠴᠤ ᠣᠶᠢᠷ᠎ᠠ ᠬᠠᠪᠢ ᠶᠢᠨ ᠬᠠᠯᠳᠠᠪᠤᠷᠢᠲᠤ ᠲᠠᠭᠰᠢᠭᠤᠷ ᠤᠨ ᠸᠠᠺᠼᠢᠨ ᠤ | ᠲᠠᠷᠢᠯᠭ᠎ᠠ ᠶᠢᠨ ᠴᠡᠭ ᠲᠤ ᠬᠦᠷᠴᠦ ᠲᠠᠷᠢᠯᠭ᠎ᠠ ᠬᠢᠬᠦ ᠬᠡᠷᠡᠭᠲᠡᠶ᠃ ᠡᠷᠦᠬᠡ ᠠᠮᠠ ᠶᠢᠨ ᠲᠠᠩᠰᠠ ᠨᠢ ᠦᠬᠠᠶ ᠬᠤᠲᠠ ᠳᠤ | ᠪᠠᠶᠢᠬᠤ ᠥᠬᠡᠶ ᠪᠣᠯᠪᠠᠴᠤ ᠦᠬᠠᠶ ᠳᠤ ᠬᠠᠭᠠᠰ ᠵᠢᠯ ᠠᠴᠠ ᠳᠡᠭᠡᠭᠰᠢ ᠰᠠᠭᠤᠭᠰᠠᠨ 65 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠣᠷᠣᠰᠢᠨ ᠰᠠᠭᠤᠵᠤ ᠪᠠᠶᠢᠭ᠎ᠠ ᠭᠠᠵᠠᠷ ᠤᠨ ᠢᠶᠠᠨ ᠰᠠᠭᠤᠭᠠᠯᠢ ᠠᠷᠠᠳ ᠤᠨ ᠵᠥᠪᠯᠡᠯ ᠤᠨ ᠭᠠᠷᠭᠠᠭᠰᠠᠨ | ᠣᠷᠣᠰᠢᠨ ᠰᠠᠭᠤᠬᠤ ᠴᠠᠭ᠂ ᠣᠷᠣᠨ ᠰᠠᠭᠤᠴᠠ ᠶᠢᠨ ᠵᠢᠵᠢᠭ ᠲᠣᠭᠤᠷᠢᠭ᠂ ᠠᠰᠠᠷ ᠤᠨ ᠲᠤᠭ᠎ᠠ ᠵᠢᠴᠢ ᠡᠭᠦᠳᠡᠨ | ᠨᠣᠮᠧᠷ ᠵᠡᠷᠭᠡ ᠶᠢᠨ ᠭᠡᠷᠡᠴᠢ ᠶᠢ ᠬᠠᠩᠭᠠᠳᠠᠭ ᠯᠠ ᠶᠤᠮ ᠪᠣᠯ ᠲᠣᠰ ᠠᠷᠠᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠭᠥᠷᠳᠡᠵᠦ ᠪᠣᠯᠤᠨ᠎ᠠ᠃ | ᠦᠬᠠᠶ ᠬᠤᠲᠠ ᠶᠢᠨ ᠲᠠᠬᠤᠯ ᠲᠠᠭᠰᠢᠭᠤᠷ ᠤᠨ ᠸᠠᠺᠼᠢᠨ ᠤ ᠲᠠᠷᠢᠯᠭ᠎ᠠ ᠶᠢᠨ ᠨᠢᠭᠡᠴᠡ ᠶᠢᠨ ᠨᠡᠷᠡᠰ᠄ | ᠬᠠᠶᠢᠷᠤᠪ ᠤᠨ ᠲᠤᠬᠤᠢ ᠲᠣᠭᠤᠷᠢᠭ᠄ | ᠰᠢᠨᠬᠤᠸᠠ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | ᠰᠢᠨᠬᠤᠸᠠ ᠪᠠᠷᠠᠭᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | ᠹᠧᠩ ᠬᠤᠸᠠᠩ ᠯᠢᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | ᠪᠢᠨ ᠾᠧ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | ᠬᠠᠶᠢᠪᠸᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | ᠯᠢᠨ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | ᠴᠡᠭᠡᠯ ᠠᠭᠤᠯᠠ ᠪᠠᠯᠭᠠᠰᠤᠨ ᠤ ᠲᠦᠪ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠬᠤᠷᠢᠶ᠎ᠠ | ᠴᠡᠭᠡᠯ ᠠᠭᠤᠯᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | ᠬᠠᠶᠢᠨᠠᠨ ᠲᠣᠭᠤᠷᠢᠭ᠄ | ᠷᠠᠰᠢᠵᠤᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | ᠭᠦᠬᠤᠰᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | ᠪᠠᠶᠠᠨᠲᠤᠬᠤᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ | ᠤᠳᠠ ᠲᠣᠭᠤᠷᠢᠭ ᠄ | ᠪᠠᠶᠠᠨᠰᠠᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | ᠰᠢᠨ ᠳ᠋ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | ᠡᠦ ᠬᠤ᠋ ᠱᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | ᠪᠢᠨ ᠬᠠᠶ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | ᠤᠯᠠᠭᠠᠨᠨᠠᠭᠤᠷ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ | ᠮᠢᠨ ᠳ᠋ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | | 2022 ᠣᠨ ᠤ 10 ᠰᠠᠷ᠎ᠠ ᠶᠢᠨ 12 ᠤ ᠡᠳᠤᠷ | | |