ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠎ ᠢ ᠥᠷᠨᠢᠭᠦᠯᠪᠡ
ᠨᠡᠶᠢᠲᠡᠯᠡᠭᠰᠡᠨ ᠴᠠᠭ᠄
2022/10/16
     ᠭᠡᠨᠡᠳᠲᠡ ᠶᠢᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠬᠢᠵᠢᠭ ᠤᠨ ᠪᠠᠶᠢᠳᠠᠯ ᠤᠨ ᠡᠮᠦᠨ᠎ᠡ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶᠠᠨ ᠤ ᠤᠳᠤᠷᠢᠳᠬᠤ ᠪᠠᠭ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠬᠤᠳᠠ᠂ ᠲᠣᠭᠤᠷᠢᠭ ᠬᠤᠶᠠᠷ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠠᠶᠢᠷ᠎ᠠ ᠪᠠᠨ ᠠᠪᠴᠤ ᠬᠦᠰᠡᠯ ᠵᠡᠭᠦᠳᠦ ᠪᠠᠨ ᠬᠥᠭᠡᠭᠡᠴᠡᠯᠳᠦᠨ ᠰᠤᠷᠤᠯᠭ᠎ᠠ ᠶᠢ ᠲᠡᠳᠬᠦᠵᠦ ᠰᠤᠷᠭᠠᠨ ᠬᠥᠮᠦᠵᠢᠯ ᠢ ᠳᠡᠮᠵᠢᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠪᠠᠷ ᠭᠠᠷᠳᠠᠴᠠ ᠪᠣᠯᠭᠠᠵᠤ᠂ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠢᠳᠡᠪᠬᠢᠲᠡᠢ ᠬᠥᠳᠡᠯᠦᠯᠴᠡᠵᠦ᠂ ᠲᠡᠷᠡ ᠳᠠᠷᠤᠢ ᠳᠤᠨᠢ ᠠᠵᠢᠯᠳᠠᠨ ᠢ ᠳᠣᠷᠣᠭᠰᠢ ᠪᠠᠭᠤᠯᠭᠠᠵᠤ᠂ ᠬᠤᠯᠪᠤᠭᠠᠯᠠᠨ ᠲᠠᠭᠠᠭᠠᠴᠢᠯᠠᠭᠰᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠥᠷᠨᠢᠭᠦᠯᠪᠡ᠃    ᠴᠢᠩ ᠱᠠᠨ ᠨᠡᠶᠢᠭᠡᠮ ᠲᠣᠭᠤᠷᠢᠭ ᠤᠨ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠬᠡᠮᠵᠢᠬᠦ ᠠᠵᠢᠯ ᠳᠤ ᠬᠠᠮᠵᠢᠯᠴᠠᠬᠤ ᠶᠢᠨ ᠲᠥᠯᠥᠭᠡ᠂ ᠮᠠᠨ ᠤ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠠᠶᠢᠨ ᠳᠤᠷ᠎ᠠ ᠶᠢᠨ ᠠᠵᠢᠯᠯᠠᠭᠴᠢ ᠶᠢ ᠭᠤᠷᠪᠠᠨ ᠴᠡᠭ ᠲᠤ ᠲᠣᠮᠢᠯᠠᠵᠤ᠂ ᠬᠠᠮᠠᠭᠠᠯᠠᠯᠲᠠ ᠶᠢᠨ ᠬᠤᠪᠴᠠᠰᠤ ᠡᠮᠦᠰᠬᠡᠵᠦ᠂ ᠨᠡᠶᠢᠭᠡᠮ ᠲᠣᠭᠤᠷᠢᠭ ᠤᠨ ᠡᠮᠬᠢ ᠵᠢᠷᠤᠮ ᠢ ᠬᠠᠮᠠᠭᠠᠯᠠᠬᠤ᠂ ᠲᠤᠬᠠᠶ ᠶᠢᠨ ᠲᠠᠯᠠᠪᠤᠷ ᠲᠤ ᠤᠰᠠᠳᠬᠠᠬᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠪᠥᠭᠡᠮ ᠬᠦᠴᠢᠯ ᠢ ᠪᠠᠶᠢᠴᠠᠭᠠᠨ ᠬᠡᠮᠵᠢᠭᠰᠡᠨ ᠮᠡᠳᠡᠭᠡ ᠵᠠᠩᠭᠢ ᠶᠢ ᠰᠢᠩᠭᠡᠭᠡᠨ ᠣᠷᠣᠭᠤᠯᠬᠤ ᠵᠡᠷᠭᠡ ᠠᠵᠢᠯ ᠢ ᠬᠠᠮᠵᠢᠨ ᠬᠢᠵᠦ᠂ ᠰᠠᠭᠤᠭᠠᠯᠢ ᠠᠷᠠᠳ ᠤᠨ ᠡᠮᠬᠢ ᠵᠢᠷᠤᠮ ᠲᠠᠢ ᠪᠠᠷ ᠪᠥᠭᠡᠮ ᠬᠦᠴᠢᠯ ᠢ ᠪᠠᠶᠢᠴᠠᠭᠠᠨ ᠬᠡᠮᠵᠢᠬᠦ ᠶᠢ ᠦᠨᠡᠨ ᠬᠦ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠵᠢᠵᠢᠭ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷ ᠢ ᠪᠠᠬᠢᠵᠢᠭᠦᠯᠪᠡ᠃    ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠭᠡᠶᠢᠯᠡᠬᠦ ᠠᠵᠢᠯ ᠢ ᠨᠠᠷᠢᠯᠢᠭ ᠪᠥᠭᠡᠳ ᠪᠣᠳᠠᠲᠠᠶᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠮᠠᠨ ᠤ ᠲᠣᠪᠴᠢᠶ᠎ᠠ ᠶᠢᠨ ᠰᠠᠶᠢᠨ ᠳᠤᠷ᠎ᠠ ᠶᠢᠨ ᠠᠵᠢᠯᠯᠠᠭᠴᠢ ᠲᠣᠭᠤᠷᠢᠭ ᠤᠨ ᠬᠠᠷᠢᠶ᠎ᠠ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ᠂ ᠬᠤᠲᠠ ᠶᠢᠨ ᠰᠢᠭᠤᠳ ᠬᠠᠷᠢᠶ᠎ᠠ ᠰᠤᠷᠭᠠᠭᠤᠯᠢ ᠶᠢᠨ 69 ᠨᠢᠭᠡᠴᠡ ᠳᠤ ᠨᠡᠶᠢᠲᠡ 84 ᠾᠯᠣᠷ ᠠᠭᠤᠯᠤᠭᠰᠠᠨ ᠠᠷᠢᠭᠤᠳᠬᠠᠬᠤ ᠰᠢᠩᠭᠡᠨ᠂ ᠨᠢᠭᠡ ᠯᠡ ᠤᠳᠠᠭ᠎ᠠ ᠶᠢᠨ ᠴᠢᠨᠠᠷᠲᠠᠶ ᠬᠠᠮᠠᠭᠠᠯᠠᠯᠲᠠ ᠶᠢᠨ ᠬᠤᠪᠴᠠᠰᠤ᠂ ᠡᠮᠨᠡᠯᠭᠡ ᠳᠤ ᠬᠡᠷᠡᠭᠯᠡᠬᠦ ᠠᠮᠠᠪᠴᠢ᠂ ᠡᠮᠨᠡᠯᠭᠡ ᠳᠤ ᠬᠡᠷᠡᠭᠯᠡᠬᠦ ᠬᠤᠭ ᠨᠣᠪᠰᠢ ᠶᠢᠨ ᠤᠭᠤᠲᠠ ᠵᠡᠷᠭᠡ ᠬᠠᠮᠠᠭᠠᠯᠠᠯᠲᠠ ᠶᠢᠨ ᠡᠳ᠋ ᠪᠣᠳᠠᠰ ᠢ 47970 ᠬᠤᠪᠢ ᠲᠠᠷᠬᠠᠭᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠭᠦᠢᠴᠡᠤᠡ ᠪᠠᠶᠢᠬᠤ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃    ᠬᠤᠷᠢᠳᠤᠭᠠᠷ ᠶᠡᠭᠡ ᠬᠤᠷᠠᠯ ᠤᠨ ᠬᠤᠭᠤᠴᠠᠭᠠᠨ ᠳᠠᠬᠢ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨᠬᠦ ᠪᠠᠲᠤᠯᠠᠬᠤ ᠶᠢᠨ ᠲᠥᠯᠥᠭᠡ᠂ ᠮᠠᠨ ᠤ ᠲᠣᠪᠴᠢᠶᠠᠨ ᠤ ᠭᠤᠷᠪᠠᠨ ᠳᠡᠳ᠋ ᠲᠣᠪᠴᠢᠶᠠᠨ ᠳᠠᠷᠤᠭ᠎ᠠ ᠲᠤᠰ ᠲᠤᠰ ᠪᠥᠸᠧ ᠲᠠᠢ ᠵᠢᠶᠠ ᠶᠤᠸᠠᠨ᠂ ᠺᠠᠶ ᠢᠦᠶ ᠶᠤᠸᠠᠨ᠂ ᠰᠢᠭᠦᠬᠦ ᠬᠤᠷᠢᠶᠠᠨ ᠤ ᠲᠣᠭᠤᠷᠢᠭ ᠤᠨ ᠭᠤᠷᠪᠠᠨ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠨᠢᠭᠡᠳᠦᠭᠡᠷ ᠱᠦᠵᠢ ᠶᠢᠨ ᠲᠤᠰᠢᠶᠠᠯ ᠢ ᠬᠠᠷᠢᠭᠤᠴᠠᠵᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠰᠠᠭᠤᠭᠠᠯᠢ ᠠᠷᠠᠳ ᠤᠨ ᠲᠣᠭᠤᠷᠢᠭ ᠤᠨ ᠡᠭᠦᠳᠡᠨ ᠳᠤ 24 ᠴᠠᠭ ᠢᠶᠠᠷ ᠵᠢᠵᠢᠭᠦᠷᠯᠡᠨ ᠰᠠᠬᠢᠵᠤ᠂ ᠣᠷᠣᠵᠤ ᠭᠠᠷᠬᠤ ᠬᠥᠮᠦᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠲᠡᠮᠳᠡᠭ᠂ ᠠᠶᠠᠯᠠᠯ ᠤᠨ ᠨᠣᠮᠧᠷ᠂ ᠡᠷᠡᠭᠦᠯ ᠮᠡᠨᠳᠦ ᠶᠢᠨ ᠨᠣᠮᠧᠷ ᠢ ᠭᠤᠣᠯᠳᠠᠯᠭ᠎ᠠ ᠲᠠᠢ ᠪᠠᠶᠢᠴᠠᠭᠠᠨ ᠦᠵᠡᠵᠦ᠂ ᠤᠯᠠᠨ ᠢ ᠭᠠᠳᠠᠭᠰᠢ ᠭᠠᠷᠴᠤ ᠠᠮᠠᠪᠴᠢ ᠵᠡᠭᠦᠬᠦ ᠶᠢ ᠰᠠᠨᠠᠭᠤᠯᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠨᠤᠲᠤᠭ ᠲᠠᠭᠠᠨ ᠪᠤᠴᠠᠭᠰᠠᠨ ᠬᠥᠮᠦᠰ ᠢ ᠴᠠᠭ ᠲᠤᠬᠠᠢ ᠳᠤᠨᠢ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠲᠤ ᠬᠦᠷᠴᠦ ᠪᠦᠷᠢᠳᠬᠡᠭᠦᠯᠦᠨ ᠳᠠᠩᠰᠠᠯᠠᠭᠤᠯᠬᠤ ᠵᠡᠷᠭᠡ ᠶᠢ ᠬᠦᠳᠦᠯᠦᠨ ᠵᠢᠯᠣᠭᠤᠳᠴᠤ᠂ ᠰᠠᠭᠤᠭᠠᠯᠢ ᠠᠷᠠᠳ ᠤᠨ ᠲᠣᠭᠤᠷᠢᠭ ᠤᠨ ᠪᠣᠭᠤᠮᠲᠠ ᠶᠢ ᠴᠢᠩᠭ᠎ᠠ ᠰᠠᠬᠢᠵᠤ᠂ ᠬᠢᠵᠢᠭ ᠤᠨ ᠪᠠᠶᠢᠳᠠᠯ ᠤᠨ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾᠎ ᠢ ᠪᠠᠲᠤ ᠰᠠᠬᠢᠪᠠ᠃    ︽ᠬᠢᠵᠢᠭ︾᠎ ᠢ ᠰᠣᠨᠣᠰᠤᠭᠠᠳ ᠬᠥᠳᠡᠯᠵᠦ᠂ ᠰᠡᠳᠬᠢᠯ ᠢᠶᠠᠨ ᠨᠢᠭᠡᠳᠬᠡᠨ ︽ᠬᠢᠵᠢᠭ︾᠎ ᠲᠠᠢ ᠪᠠᠶᠢᠯᠳᠤᠪᠠ᠃ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ  ᠲᠤᠪᠴᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠡᠩᠨᠡᠭᠡ ᠶᠢᠨ ᠬᠢᠨ ᠲᠦᠷᠦᠭᠦᠯᠡᠨ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠦᠯᠢᠭᠡᠷ ᠳᠠᠭᠤᠷᠢᠶᠠᠯ ᠪᠤᠯᠵᠤ᠂ ᠬᠤᠰᠢᠭᠤᠴᠢ ᠪᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠨᠡᠩ ᠰᠠᠶᠢᠲᠤᠷ ᠪᠠᠲᠤᠯᠠᠨ ᠤᠭᠲᠤᠬᠤ ᠪᠣᠯᠤᠨ᠎ᠠ᠃                            ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ                                      2022 ᠣᠨ ᠤ 10 ᠰᠠᠷ᠎ᠠ ᠶᠢᠨ 14᠎ ᠤ ᠡᠳᠤᠷ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号