ᠨᠠᠮ ᠵᠢᠮ ᠬᠠᠮᠢᠶᠠᠷᠴᠤ᠂ ᠬᠠᠶᠢᠷᠤᠪ ᠤᠨ ᠲᠤᠬᠤᠢ ᠶᠢᠨ ᠬᠢᠨ ᠪᠦᠬᠦ ᠬᠦᠴᠦᠨ ᠢᠶᠠᠷ ᠢᠶᠠᠨ ᠴᠢᠷᠮᠠᠶᠢᠨ᠎ᠠ ᠁
ᠨᠡᠶᠢᠲᠡᠯᠡᠭᠰᠡᠨ ᠴᠠᠭ᠄
2022/10/20
      10 ᠰᠠᠷ᠎ᠠ ᠶᠢᠨ 17᠎ ᠤ ᠤᠷᠤᠢ ᠶᠢᠨ 21 ᠴᠠᠭ ᠠᠴᠠ ᠡᠬᠢᠯᠡᠨ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠲᠦᠷᠦ ᠶᠢᠨ ᠪᠤᠳᠤᠯᠭ᠎ᠠ ᠶᠢ ᠲᠤᠤᠱᠯᠠᠭᠤᠯᠬᠤ ᠱᠠᠭᠠᠷᠳᠠᠯᠭ᠎ᠠ ᠶᠢ ᠲᠡᠷᠡ ᠳᠠᠷᠤᠢ ᠳᠤᠨᠢ ᠴᠤᠤᠷᠢᠶᠠᠲᠤᠨ ᠳᠠᠭᠠᠵᠤ᠂ ᠡᠯ᠎ᠡ ᠨᠢᠭᠡᠴᠡ ᠶᠢᠨ ᠨᠠᠮ ᠤᠨ ᠭᠡᠰᠢᠭᠦᠨ  ᠺᠠᠳ᠋ᠷᠴᠤᠤᠡ᠂ ᠠᠵᠢᠯᠲᠠᠳ ᠨᠢᠭᠡᠳᠦᠭᠡᠷ ᠹᠷᠣᠨᠲ ᠲᠤ ᠪᠠᠭᠤᠵᠤ ᠬᠢᠵᠢᠭ ᠰᠡᠷᠭᠡᠶᠢᠯᠡᠬᠦ ᠡᠯ᠎ᠡ ᠵᠦᠢᠯ ᠤᠨ ᠠᠵᠢᠯ ᠳᠤ ᠣᠷᠣᠯᠴᠠᠪᠠ᠃ ᠲᠡᠳᠡᠨ ᠤ ᠵᠠᠷᠢᠮ ᠨᠢ ᠰᠠᠭᠤᠭᠠᠯᠢ ᠠᠷᠠᠳ ᠤᠨ ᠲᠣᠭᠤᠷᠢᠭ ᠤᠨ ᠡᠭᠦᠳᠡᠨ ᠬᠠᠷᠠᠭᠤᠯ ᠢ ᠵᠢᠵᠢᠭᠦᠷᠯᠡᠨ ᠰᠠᠬᠢᠬᠤ᠂ ᠠᠰᠠᠷ ᠲᠠᠭᠲᠤ ᠶᠢ ᠲᠣᠭᠤᠷᠢᠨ ᠴᠠᠭᠳᠠᠬᠤ᠂ ᠵᠠᠷᠢᠮ ᠨᠢ ᠪᠥᠭᠡᠮ ᠬᠦᠴᠢᠯ ᠤᠨ ᠦᠯᠢᠭᠡᠷ ᠠᠪᠬᠤ ᠴᠡᠭ ᠤᠨ ᠡᠮᠬᠢ ᠳᠢᠭᠯᠢᠮ ᠢ ᠬᠠᠮᠠᠭᠠᠯᠠᠬᠤ ᠪᠠ ᠤᠯᠠᠨ ᠲᠦᠮᠡᠨ ᠳᠤ ᠦᠢᠯᠡᠴᠢᠯᠡᠬᠦ ᠵᠡᠷᠭᠡ ᠡᠭᠦᠷᠭᠡ ᠵᠡᠷᠭᠡ ᠠᠵᠢᠯ ᠳᠤ ᠣᠷᠣᠯᠴᠠᠵᠤ᠂ ᠤᠯᠠᠨ ᠢᠶᠠᠷ ᠢᠶᠠᠨ ᠡᠮᠦᠨ᠎ᠡ ᠹᠷᠣᠨᠲ ᠲᠤ ᠣᠴᠢᠵᠤ᠂ ᠠᠳᠠᠯᠢ ᠪᠤᠰᠤ ᠠᠵᠢᠯ ᠤᠨ ᠪᠠᠶᠢᠷᠢ ᠳᠡᠭᠡᠷ᠎ᠡ ᠬᠤᠪᠢ ᠨᠡᠮᠡᠷᠢ ᠪᠠ ᠡᠭᠦᠷᠭᠡᠯᠡᠯ ᠢᠶᠠᠨ ᠢᠯᠡᠷᠡᠭᠦᠯᠵᠦ᠂ ᠨᠠᠮ ᠤᠨ ᠭᠡᠰᠢᠭᠦᠨ ᠬᠤᠰᠢᠭᠤᠴᠢ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠮᠦᠨ᠎ᠡ ᠨᠢ ᠭᠠᠪᠰᠢᠭᠠᠶᠢᠯᠠᠨ ᠣᠷᠣᠵᠤ᠂ ᠪᠦᠬᠦ ᠬᠦᠴᠦᠨ ᠢᠶᠠᠷ ᠢᠶᠠᠨ ᠨᠠᠮ ᠵᠢᠮ ᠢ ᠰᠠᠬᠢᠨ ᠬᠠᠮᠠᠭᠠᠯᠠᠪᠠ᠃
微信图片_20221020163631.png
微信图片_20221020163611.png
微信图片_20221020163556.png
          ᠦᠬᠠᠶ ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ᠬᠠᠤᠯᠢ ᠲᠣᠭᠲᠠᠭᠠᠯ ᠰᠢᠭᠦᠬᠦ ᠰᠠᠯᠠᠭ᠎ᠠ ᠶᠢᠨ ᠳᠠᠷᠤᠭ᠎ᠠ ᠬᠤᠤ  ᠰᠦᠸᠧ ᠵᠢᠶᠦ᠋ᠨ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠤᠷᠢᠶᠠᠯᠠᠭ᠎ᠠ ᠶᠢ ᠢᠳᠡᠪᠬᠢᠲᠡᠶ ᠪᠠᠷ ᠴᠤᠤᠷᠢᠶᠠᠲᠤᠨ ᠲᠠᠭᠠᠪᠠ᠃ ᠨᠠᠮ ᠵᠢᠮ ᠬᠠᠮᠢᠶᠠᠷᠤᠯᠲᠠ ᠶᠢᠨ ᠮᠡᠳᠡᠭᠳᠡᠯ ᠢ ᠣᠯᠤᠭᠰᠠᠨ ᠤ ᠳᠠᠷᠠᠭ᠎ᠠ ᠪᠢᠳᠡ ᠲᠡᠷᠡ ᠳᠠᠷᠤᠶ ᠳᠤᠨᠢ ᠬᠤᠯᠪᠤᠭᠠᠯᠠᠨ ᠲᠠᠭᠠᠭᠠᠴᠢᠯᠠᠭᠰᠠᠨ ᠨᠡᠶᠢᠭᠡᠮ ᠲᠣᠭᠤᠷᠢᠭ ᠲᠤ ᠪᠠᠭᠤᠵᠤ ᠵᠢᠵᠢᠭᠦᠷᠯᠡᠨ ᠰᠠᠬᠢᠵᠤ᠂ ᠭᠤᠣᠯᠳᠠᠭᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ  ᠭᠠᠷᠬᠤ ᠬᠥᠮᠦᠰ ᠤᠨ ᠮᠡᠳᠡᠭᠡ ᠵᠠᠩᠭᠢ ᠶᠢ ᠴᠢᠩᠭ᠎ᠠ ᠰᠢᠭᠰᠢᠨ ᠪᠠᠶᠢᠴᠠᠭᠠᠬᠤ᠂ ᠪᠥᠭᠡᠮ ᠬᠦᠴᠢᠯ ᠤᠨ ᠢᠯᠡᠳᠬᠡᠮᠵᠢ ᠲᠡᠮᠳᠡᠭ ᠪᠠ ᠠᠵᠢᠯ ᠤᠨ ᠦᠨᠡᠮᠯᠡᠯ ᠢ ᠪᠠᠶᠢᠴᠠᠭᠠᠨ ᠰᠢᠯᠭᠠᠬᠤ᠂ ᠡᠮᠴᠢ ᠰᠤᠪᠢᠯᠠᠭᠴᠢ᠂ ᠨᠡᠶᠢᠭᠡᠮ ᠲᠣᠭᠤᠷᠢᠭ ᠤᠨ ᠠᠵᠢᠯᠲᠠᠳ ᠲᠠᠢ ᠬᠠᠮᠵᠢᠯᠴᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ᠂ ᠰᠠᠭᠤᠭᠠᠯᠢ ᠠᠷᠠᠳ ᠤᠨ ᠰᠦᠯᠵᠢᠶᠡᠨ ᠳᠡᠭᠡᠷᠡᠬᠢ ᠵᠠᠬᠢᠶᠠᠯᠠᠭ᠎ᠠ ᠶᠢᠨ ᠠᠮᠢᠳᠤᠷᠠᠯ ᠤᠨ ᠡᠳ᠋ ᠪᠣᠳᠠᠰ ᠢ ᠰᠠᠭᠤᠭᠠᠯᠢ ᠠᠷᠠᠳ ᠤᠨ ᠲᠣᠭᠤᠷᠢᠭ ᠤᠨ ᠡᠭᠦᠳᠡᠨ ᠳᠤ ᠬᠦᠯᠢᠶᠡᠨ ᠠᠪᠬᠤ ᠵᠡᠷᠭᠡ ᠠᠵᠢᠯ ᠤᠳ ᠢ ᠬᠢᠵᠦ᠂ ᠨᠠᠮ ᠤᠨ ᠭᠡᠰᠢᠭᠦᠨ ᠤ ᠬᠤᠰᠢᠭᠤᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ᠃︾
微信图片_20221020163625.jpg   
      ᠦᠬᠠᠶ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠠᠵᠢᠯᠲᠠᠨ ᠵᠠᠩ ᠭᠠᠩ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠪᠢᠳᠡ ᠬᠠᠮᠤᠭ ᠤᠨ ᠲᠦᠷᠦᠭᠦᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠳᠠᠭᠠᠵᠤ᠂ ᠨᠡᠶᠢᠭᠡᠮ ᠲᠣᠭᠤᠷᠢᠭ ᠲᠤ ᠪᠠᠭᠤᠵᠤ 24 ᠴᠠᠭ ᠢᠶᠠᠷ ᠵᠢᠵᠢᠭᠦᠷᠯᠡᠨ ᠰᠠᠬᠢᠬᠤ᠂ ᠨᠡᠶᠢᠭᠡᠮ ᠲᠣᠭᠤᠷᠢᠭ ᠤᠨ ᠡᠮᠴᠢ ᠰᠤᠪᠢᠯᠠᠭᠴᠢ ᠲᠠᠢ ᠬᠠᠮᠵᠢᠯᠴᠠᠬᠤ᠂ ᠪᠥᠭᠡᠮ ᠬᠦᠴᠢᠯ ᠤᠨ ᠢᠯᠡᠳᠬᠡᠮᠵᠢ ᠲᠡᠮᠳᠡᠭ ᠢ ᠪᠠᠶᠢᠴᠠᠭᠠᠨ ᠰᠢᠯᠭᠠᠬᠤ᠂ ᠠᠯᠠᠵᠤ ᠤᠰᠠᠳᠬᠠᠨ ᠡᠮᠬᠢ ᠵᠢᠷᠤᠮ ᠢ ᠬᠠᠮᠠᠭᠠᠯᠠᠬᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠪᠥᠭᠡᠮ ᠬᠦᠴᠢᠯ ᠢ ᠪᠠᠶᠢᠴᠠᠭᠠᠨ ᠰᠢᠯᠭᠠᠬᠤ ᠵᠡᠷᠭᠡ ᠠᠯᠢ ᠤᠯᠠᠨ ᠠᠵᠢᠯ ᠢ ᠡᠮᠬᠢ ᠵᠢᠷᠤᠮ ᠲᠠᠢ ᠪᠠᠷ ᠬᠢᠯᠭᠡᠬᠦ ᠶᠢᠨ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠨᠡᠩ ᠴᠤ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠡᠮᠦᠨ᠎ᠡ ᠨᠢ ᠭᠠᠪᠰᠢᠭᠠᠶᠢᠯᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠮᠤᠷ ᠲᠦᠪᠰᠢᠨ ᠢ ᠰᠠᠶᠢᠳᠤᠷ ᠪᠠᠳᠤᠯᠠᠬᠤ ᠬᠡᠷᠡᠭᠲᠡᠶ︾ ᠭᠡᠵᠦ ᠵᠢᠭᠠᠵᠤ ᠭᠠᠷᠭᠠᠪᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号