ᠬᠠᠶᠢᠷᠤᠪ ᠤᠨ ᠲᠤᠬᠤᠢ ᠲᠤᠭᠤᠷᠢᠭ ᠤᠨ ᠰᠢᠨ᠎ᠡ  ᠲᠢᠲᠢᠮᠯᠢᠭ  ᠠᠭᠤᠰᠬᠢᠨ ᠦᠷᠪᠢᠰᠦᠯ  ᠤᠨ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠡᠰᠡᠭ ᠣᠷᠣᠨ ᠪᠦᠰᠡ ᠶᠢᠨ ᠠᠶᠤᠯ ᠲᠦᠭᠰᠢᠭᠦᠷᠢ ᠶᠢᠨ ᠳᠡᠰ ᠤᠨ ᠲᠣᠬᠢᠷᠠᠭᠤᠯᠤᠯᠲᠠ ᠬᠢᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2022/10/24
      2022 ᠣᠨ ᠤ 10 ᠳ᠋ᠤᠭᠠᠷ ᠰᠠᠷ᠎ᠠ ᠶᠢᠨ 23᠎ ᠤ ᠡᠳᠦᠷ᠂ ᠮᠠᠨ ᠤ  ᠲᠤᠭᠤᠷᠢᠭ ᠎ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠨᠢᠭᠤᠷ︶︾᠎ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠶᠡᠷᠦᠩᠬᠡᠶᠢᠯᠡᠨ ᠦᠨᠡᠯᠡᠨ ᠵᠢᠱᠢᠵᠦ ᠰᠤᠳᠤᠯᠤᠨ ᠮᠠᠭᠠᠳᠯᠠᠬᠤ ᠪᠠᠷ ᠳᠡᠮᠵᠢᠨ᠂ 2022 ᠣᠨ ᠤ 10 ᠳ᠋ᠤᠭᠠᠷ ᠰᠠᠷ᠎ᠠ ᠶᠢᠨ 23᠎ ᠤ ᠡᠳᠦᠷ ᠠᠴᠠ ᠡᠬᠢᠯᠡᠨ᠂ ᠬᠠᠷᠢᠶᠠᠲᠤ ᠣᠷᠣᠨ ᠤ ᠳᠣᠲᠣᠷᠠᠬᠢ ᠲᠦᠭᠰᠢᠭᠦᠷᠢ ᠶᠢᠨ ᠣᠷᠣᠨ ᠪᠦᠰᠡ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠬᠦ ᠪᠠᠷ ᠲᠣᠭᠲᠠᠪᠠ᠄       ᠨᠢᠭᠡ᠂ ᠲᠦᠭᠰᠢᠭᠦᠷᠢ ᠶᠡᠬᠡᠲᠡᠶ ᠣᠷᠣᠨ ︵1︶᠄ ᠶᠢᠨ ᠰᠢᠨ ᠶᠤᠸᠠᠨ ᠨᠡᠶᠢᠲᠡ ᠶᠢᠨ ᠪᠠᠶᠢᠷᠢ᠃       ᠬᠤᠶᠠᠷ᠂ ᠳᠤᠮᠳᠠ ᠠᠶᠤᠯ ᠲᠦᠭᠰᠢᠭᠦᠷᠢ ᠲᠠᠢ ᠤᠷᠤᠨ ︵2︶᠄ ᠬᠤᠸᠠ ᠴᠠᠩ ᠪᠠᠭ᠎ᠠ ᠲᠣᠭᠤᠷᠢᠭ᠂  ᠸᠧ ᠯᠦᠩ ᠵᠢᠤᠢ ᠪᠠᠭ᠎ᠠ ᠲᠣᠭᠤᠷᠢᠭ᠃       ᠲᠦᠭᠰᠢᠭᠦᠷᠢ ᠶᠡᠬᠡᠲᠡᠶ ᠣᠷᠣᠨ ᠳᠤᠮᠳᠠ ᠠᠶᠤᠯ ᠲᠦᠭᠰᠢᠭᠦᠷᠢ ᠲᠠᠢ ᠤᠷᠤᠨ ᠨᠢ ︽ᠰᠢᠨ᠎ᠡ ᠲᠢᠲᠢᠮᠯᠢᠭ  ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠨᠢᠭᠤᠷ︶︾᠎ ᠤᠨ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ᠂ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃    ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠬᠠᠶᠢᠷᠤᠪ ᠤᠨ ᠲᠤᠬᠤᠢ ᠲᠣᠭᠤᠷᠢᠭ ᠲᠤ ᠣᠳᠣᠬᠠᠨ ᠳᠤ᠄     ᠠᠶᠤᠯ ᠲᠦᠭᠰᠢᠭᠦᠷᠢ ᠶᠡᠬᠡᠲᠡᠶ ᠣᠷᠣᠨ 3 ︵᠎ ᠶᠢᠨ ᠰᠢᠨ ᠶᠤᠸᠠᠨ ᠪᠠᠭ᠎ᠠ ᠲᠣᠭᠤᠷᠢᠭ᠂  ᠰᠢ ᠶᠤᠸᠠᠨ ᠪᠠᠭ᠎ᠠ ᠲᠣᠭᠤᠷᠢᠭ᠂ ᠶᠢᠨ ᠰᠢᠨ ᠶᠤᠸᠠᠨ ᠨᠡᠶᠢᠲᠡ ᠶᠢᠨ ᠰᠠᠭᠤᠴᠠ︶ ᠪᠣᠶ᠃     ᠳᠤᠮᠳᠠ ᠠᠶᠤᠯ ᠲᠦᠭᠰᠢᠭᠦᠷᠢ ᠶᠢᠨ ᠤᠷᠤᠨ 6 ᠪᠣᠶ ︵ᠺᠠᠶ ᠶᠠᠩ ᠪᠠᠷᠢᠯᠭ᠎ᠠ ᠶᠢᠨ ᠮᠠᠲ᠋ᠧᠷᠢᠶᠠᠯ ᠤᠨ ᠳᠡᠯᠭᠡᠭᠦᠷ᠂  ᠮᠧᠩ ᠰᠢ ᠶᠢᠨ ᠶᠠᠩ ᠭᠤᠸᠠᠩ ᠯᠢ ᠱᠧ A ᠲᠣᠭᠤᠷᠢᠭ᠂ ᠯᠢ  ᠿᠢ ᠬᠤᠸᠠ ᠶᠤᠸᠠᠨ ᠲᠣᠭᠤᠷᠢᠭ᠂ ᠵᠥᠩ ᠱᠠᠨ ᠲᠣᠮᠣ ᠠᠰᠠᠷ ᠤᠨ ᠨᠡᠶᠢᠲᠡ ᠶᠢᠨ ᠪᠠᠶᠢᠷᠢ ᠶᠢᠨ ᠠᠰᠠᠷ᠂ ᠬᠤᠸᠠ ᠴᠠᠩ ᠲᠣᠭᠤᠷᠢᠭ᠂ ᠸᠧ ᠯᠦᠩ ᠵᠢᠤᠢ ᠪᠠᠭ᠎ᠠ ᠲᠣᠭᠤᠷᠢᠭ︶᠃    ᠪᠥᠬᠦ  ᠲᠤᠭᠤᠷᠢᠭ ᠤᠨ ᠲᠦᠭᠰᠢᠭᠦᠷᠢ ᠶᠡᠬᠡᠲᠡᠶ ᠣᠷᠣᠨ ᠪᠠ ᠳᠤᠮᠳᠠ ᠲᠦᠭᠰᠢᠭᠦᠷᠢ ᠣᠷᠣᠨ ᠠᠴᠠ ᠪᠤᠰᠤᠳ ᠭᠠᠵᠠᠷ ᠣᠷᠣᠨ ᠢ ᠲᠦᠭᠰᠢᠭᠦᠷᠢ ᠪᠠᠭᠠᠲᠠᠶ ᠣᠷᠣᠨ ᠭᠡᠨ᠎ᠡ᠃    ᠲᠣᠰ ᠵᠠᠷᠯᠠᠯ ᠢ ᠨᠡᠶᠢᠲᠡᠯᠡᠭᠰᠡᠨ ᠴᠠᠭ ᠠᠴᠠ ᠡᠬᠢᠯᠡᠨ ᠬᠡᠷᠡᠭᠵᠢᠭᠦᠯᠵᠦ᠂ ᠵᠠᠯᠭᠠᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠪᠣᠯᠤᠨ᠎ᠠ᠃     ᠡᠭᠦᠨ ᠤ ᠲᠤᠯᠠ ᠣᠨᠴᠠᠭᠠᠶᠢᠯᠠᠨ ᠵᠠᠷᠯᠠᠪᠠ᠃        ᠬᠠᠶᠢᠷᠤᠪ ᠤᠨ  ᠲᠤᠬᠤᠢ ᠲᠤᠭᠤᠷᠢᠭ ᠤᠨ ᠰᠢᠨ᠎ᠡ  ᠲᠢᠲᠢᠮᠯᠢᠭ  ᠠᠭᠤᠰᠬᠢᠨ ᠦᠷᠪᠢᠰᠦᠯ  ᠤᠨ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                 2022 ᠣᠨ ᠤ 10 ᠰᠠᠷ᠎ᠠ ᠶᠢᠨ 23᠎ ᠤ ᠡᠳᠤᠷ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号