ᠬᠢᠵᠢᠭ ᠤᠨ ᠪᠠᠶᠢᠳᠠᠯ ᠤᠨ ᠲᠤᠤᠷ᠎ᠠ ᠦᠢᠯᠡᠳᠪᠦᠷᠢᠯᠡᠯ ᠢᠶᠠᠨ ᠪᠠᠲᠤᠯᠠᠨ᠎ᠠ︕
ᠨᠡᠶᠢᠲᠡᠯᠡᠭᠰᠡᠨ ᠴᠠᠭ᠄
2022/10/26
      ᠬᠢᠵᠢᠭ ᠤᠨ ᠪᠠᠶᠢᠳᠠᠯ ᠢ ᠰᠡᠷᠭᠡᠶᠢᠯᠡᠵᠦ ᠳᠡᠶᠢᠯᠪᠡᠯ ᠠᠵᠤ ᠠᠬᠤᠢ ᠰᠠᠶ᠋ᠢ ᠲᠣᠭᠲᠠᠭᠤᠨ ᠪᠠᠶᠢᠵᠤ ᠴᠢᠳᠠᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠪᠠᠷ ᠨᠢᠭᠡᠳᠦᠯᠲᠡᠢ ᠲᠥᠯᠥᠪᠵᠢᠭᠦᠯᠪᠡᠯ ᠰᠠᠶ᠋ᠢ ᠴᠢᠨᠠᠷ ᠰᠠᠶᠢᠲᠠᠢ ᠬᠥᠭᠵᠢᠯᠲᠡ ᠳᠤ ᠪᠠᠲᠤ ᠰᠠᠭᠤᠷᠢ ᠶᠢ ᠲᠠᠯᠪᠢᠵᠤ ᠴᠢᠳᠠᠨ᠎ᠠ᠃ ᠬᠠᠶᠢᠷᠤᠪ ᠤᠨ ᠲᠤᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠶᠢᠨ ᠬᠠᠮᠲᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠠᠵᠤ ᠠᠬᠤᠶᠢᠯᠠᠯ ᠤᠨ ᠬᠡᠪ ᠤᠨ ᠡᠮᠬᠢ ᠳᠢᠭᠯᠢᠮ ᠲᠠᠢ ᠦᠢᠯᠡᠳᠪᠦᠷᠢᠯᠡᠯ ᠢ ᠬᠠᠮᠠᠭᠠᠯᠠᠵᠤ ᠪᠤᠢ᠃
微信图片_20221026193844.jpg
微信图片_20221026193838.png
           ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ᠲᠤ ᠣᠷᠣᠵᠤ ᠢᠷᠡᠬᠦ ᠬᠡᠯᠪᠡᠷᠢ ᠶᠢᠨ ᠠᠷᠭ᠎ᠠ ᠴᠢᠨᠠᠷ ᠲᠠᠢ ᠬᠥᠮᠦᠰ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢ ᠠᠵᠤ ᠦᠢᠯᠡᠰ ᠤᠨ ᠬᠦᠷᠢᠶᠡᠯᠡᠩ ᠤᠨ ᠴᠢᠬᠤᠯᠠ ᠠᠵᠢᠯ ᠪᠣᠯᠤᠭᠰᠠᠨ ᠪᠠᠶᠢᠨ᠎ᠠ᠃ ᠡᠨᠡ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠷᠢᠭᠯᠠᠨ ᠴᠣᠬᠢᠬᠤ ᠳᠠᠶᠢᠨ ᠳᠤ ᠨᠡᠩ ᠰᠠᠶᠢᠨ ᠢᠯᠠᠯᠲᠠ ᠤᠯᠬᠤ ᠶᠢᠨ ᠲᠥᠯᠥᠭᠡ᠂ ︽ᠨᠠᠮ ᠵᠢᠮ︾ ᠬᠠᠮᠢᠶᠠᠷᠤᠯᠲᠠ ᠶᠢᠨ ᠪᠠᠶᠢᠳᠠᠯ ᠳᠣᠣᠷ᠎ᠠ᠂ ᠬᠠᠶᠢᠷᠤᠪ ᠤᠨ ᠲᠤᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠪᠦᠬᠦ ᠠᠵᠢᠯᠲᠠᠳ ᠠᠵᠤ ᠦᠢᠯᠡᠰ ᠤᠨ ᠬᠦᠷᠢᠶᠡᠯᠡᠩ ᠢ ᠰᠡᠷᠭᠡᠶᠢᠯᠡᠨ ᠡᠵᠡᠮᠳᠡᠬᠦ ᠪᠡᠯᠡᠳᠬᠡᠯ ᠲᠥᠰᠦᠯ ᠢ ᠤᠷᠢᠳᠴᠢᠯᠠᠨ ᠰᠠᠶᠢᠲᠤᠷ ᠬᠢᠵᠦ᠂ ᠵᠠᠮ ᠬᠠᠷᠢᠯᠴᠠᠭᠠᠨ ᠤ ᠪᠣᠭᠤᠮᠲᠠ ᠭᠠᠷᠭᠠᠵᠤ᠂ ᠠᠵᠤ ᠦᠶ᠋ᠯᠡᠰ ᠤᠨ ᠬᠦᠷᠢᠶᠡᠯᠡᠩ ᠤᠨ ᠠᠮᠢᠳᠤᠷᠠᠯ ᠤᠨ ᠦᠶ᠋ᠯᠡᠳᠪᠦᠷᠢᠯᠡᠯ ᠤᠨ ᠡᠳ᠋ ᠪᠣᠳᠠᠰ ᠤᠨ ᠭᠦᠶ᠋ᠴᠡᠳ ᠪᠠᠶᠢᠬᠤ ᠶᠢ ᠪᠠᠲᠤᠯᠠᠨ᠂ ᠡᠯ᠎ᠡ ᠠᠵᠤ ᠠᠬᠤᠶᠢᠯᠠᠯ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠪᠠᠶᠢᠳᠠᠯ ᠳᠣᠤᠷ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠶ᠋ᠯᠡᠳᠪᠦᠷᠢᠯᠡᠯ ᠬᠠᠩᠭᠠᠯᠭ᠎ᠠ ᠶᠢ ᠪᠠᠲᠤᠯᠠᠬᠤ ︽ᠬᠤᠶᠠᠷ ᠢ ᠰᠠᠭᠠᠲᠠᠭᠠᠬᠤ ᠥᠬᠡᠶ︾ ᠪᠠᠶᠢᠬᠤ ᠶᠢ ᠰᠢᠪᠠᠳᠠᠨ ᠵᠢᠯᠣᠭᠤᠳᠬᠤ ᠶᠢᠨ ᠬᠠᠮᠲᠤ ᠠᠵᠤ ᠦᠶ᠋ᠯᠡᠰ ᠤᠨ ᠬᠦᠷᠢᠶᠡᠯᠡᠩ ᠳᠤ 9 ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠡᠭ ᠭᠠᠷᠭᠠᠵᠤ᠂ 11000 ᠭᠠᠷᠤᠶ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠪᠥᠬᠦ ᠴᠠᠷᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ ᠥᠭᠭᠦᠭᠰᠡᠨ ᠪᠥᠭᠡᠳ ᠰᠠᠭᠠᠲᠠᠭᠰᠠᠨ ᠲᠡᠷᠭᠡᠨ ᠤ ᠵᠢᠯᠣᠭᠤᠴᠢ ᠳᠤ ᠪᠥᠭᠡᠮ ᠬᠦᠴᠢᠯ ᠬᠢᠬᠦ ᠶᠢᠨ ᠠᠷᠭ᠎ᠠ ᠥᠬᠡᠶ ᠠᠰᠠᠭᠤᠳᠠᠯ ᠢ ᠰᠢᠶ᠋ᠳᠪᠦᠷᠢᠯᠡᠵᠦ ᠥᠭᠭᠦᠭᠰᠡᠨ ᠪᠠᠶᠢᠨ᠎ᠠ᠃
微信图片_20221026193856.jpg
微信图片_20221026193859.jpg
微信图片_20221026193849.jpg
         ᠰᠤᠷᠪᠤᠯᠵᠢᠯᠠᠭ᠎ᠠ ᠶᠢᠨ ᠳᠤᠮᠳᠠ᠂ ᠰᠤᠷᠪᠤᠯᠵᠢᠯᠠᠭᠴᠢ ᠠᠵᠤ  ᠤᠢᠯᠡᠰ ᠤᠨ ᠬᠦᠷᠢᠶᠡᠯᠡᠩ ᠤᠨ ᠴᠢᠶᠠᠨ ᠰᠢᠨ ᠱᠤᠭᠤᠮ ᠤᠨ ᠺᠠᠷᠲ ᠤᠨ ᠠᠮᠠᠰᠠᠷ ᠲᠤ ᠣᠯᠵᠤ ᠬᠠᠷᠠᠭᠰᠠᠨ ᠨᠢ᠂ ᠨᠠᠮ ᠤᠨ ᠲᠤᠭ ᠰᠠᠯᠬᠢᠨ ᠤ ᠠᠶ᠎ᠠ ᠪᠠᠷ ᠨᠠᠮᠢᠷᠠᠨ᠎ᠠ᠂ ᠮᠠᠰᠢᠨ ᠲᠡᠷᠭᠡᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠠᠶᠢᠷᠤᠪ ᠤᠨ ᠲᠤᠬᠤᠢ ᠶᠢᠨ ᠠᠵᠤ  ᠤᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠶ᠋ᠯᠡᠴᠢᠯᠡᠭᠡᠨ ᠤ ᠲᠥᠪ ᠤᠨ ᠠᠵᠢᠯᠲᠠᠳ 24 ᠴᠠᠭ ᠤᠨ ᠳᠣᠲᠣᠷ᠎ᠠ ᠺᠠᠷᠲ ᠤᠨ ᠠᠮᠠᠰᠠᠷ ᠢ ᠪᠠᠲᠤ ᠰᠠᠬᠢᠵᠤ᠂ ᠮᠠᠰᠢᠨ ᠲᠡᠷᠭᠡ ᠶᠢ ᠴᠢᠩᠭ᠎ᠠ ᠪᠠᠶᠢᠴᠠᠭᠠᠵᠤ᠂ ᠠᠵᠤ  ᠤᠢᠯᠡᠰ ᠤᠨ ᠬᠦᠷᠢᠶᠡᠯᠡᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠱᠤᠭᠤᠮ ᠢ ᠡᠷᠡᠰ ᠪᠠᠲᠤ ᠰᠠᠬᠢᠵᠠᠶ᠃ ᠲᠡᠭᠡᠭᠡᠪᠦᠷᠢ ᠶᠢᠨ ᠲᠡᠷᠭᠡᠨ ᠤ ᠥᠩᠭᠡᠷᠡᠬᠦ ᠬᠤᠷᠳᠤᠴᠠ ᠶᠢ ᠨᠡᠩ ᠲᠦᠷᠭᠡᠨ ᠳᠡᠭᠡᠭᠰᠢᠯᠡᠭᠦᠯᠬᠦ ᠶᠢᠨ ᠲᠥᠯᠥᠭᠡ᠂ ᠬᠠᠶᠢᠷᠤᠪ ᠤᠨ ᠲᠤᠬᠤᠢ ᠶᠢᠨ ᠠᠵᠤ ᠦᠢᠯᠡᠰ ᠤᠨ ᠬᠦᠷᠢᠶᠡᠯᠡᠩ ᠳᠤ ᠣᠷᠣᠬᠤ ᠲᠡᠷᠭᠡ ᠶᠢ ᠣᠬᠤᠷ ᠲᠡᠷᠭᠡ᠂ ᠭᠠᠳᠠᠨ᠎ᠠ ᠠᠴᠠ ᠢᠷᠡᠭᠰᠡᠨ ᠲᠡᠷᠭᠡ᠂ ᠬᠠᠷᠢᠯᠴᠠᠨ ᠨᠡᠪᠲᠡᠷᠡᠬᠦ ᠲᠡᠷᠭᠡ ᠵᠡᠷᠭᠡ ᠲᠦᠷᠦᠯ ᠵᠦᠢᠯ ᠳᠤ ᠬᠤᠪᠢᠶᠠᠨ᠎ᠠ᠃ ᠠᠳᠠᠯᠢ ᠪᠤᠰᠤ ᠮᠠᠰᠢᠨ ᠲᠡᠷᠭᠡ ᠤᠷᠢᠳᠴᠢᠯᠠᠨ ᠲᠣᠬᠢᠷᠠᠭᠤᠯᠤᠭᠰᠠᠨ ᠪᠣᠭᠤᠮᠲᠠ ᠶᠢᠨ ᠠᠮᠠᠰᠠᠷ ᠤᠨ ᠵᠠᠮ ᠢᠶᠠᠷ ᠲᠦᠷᠭᠡᠨ ᠥᠩᠭᠡᠷᠡᠬᠦ ᠶᠢᠨ ᠬᠠᠮᠲᠤ ᠨᠠᠩ ᠠᠮᠤᠷ ᠲᠦᠪᠰᠢᠨ ᠪᠥᠭᠡᠳ ᠪᠦᠲᠦᠮᠵᠢᠲᠡᠶ ᠪᠠᠷ ᠲᠡᠷᠭᠡᠨ ᠤ ᠵᠢᠯᠣᠭᠤᠴᠢ ᠳᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠪᠦᠲᠦᠭᠡᠯᠴᠢ ᠴᠢᠨᠠᠷᠲᠠᠶ ᠪᠠᠷ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠲᠠᠪᠴᠠᠩ ᠢ  ᠲᠡᠷᠭᠡᠨ ᠤ ᠵᠢᠯᠣᠭᠤᠴᠢ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠬᠡᠮᠵᠢᠶᠡᠨ ᠳᠤ ᠬᠦᠷᠲᠡᠯ᠎ᠡ ᠳᠡᠭᠡᠭᠰᠢᠯᠡᠭᠦᠯᠵᠦ᠂ ᠨᠠᠩ ᠴᠤ ᠬᠥᠮᠥᠡᠯᠢᠭ ᠴᠢᠨᠠᠷᠲᠠᠶ ᠪᠠᠷ ᠮᠣᠷᠢᠨ ᠲᠡᠷᠭᠡᠨ ᠤ ᠵᠢᠯᠣᠭᠤᠴᠢ ᠪᠣᠯᠵᠣ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢ ᠰᠠᠶᠢᠲᠤᠷ ᠬᠢᠳᠡᠭ᠃ ᠴᠢᠶᠠᠨ ᠰᠢᠨ ᠱᠤᠭᠤᠮ ᠤᠨ ᠺᠠᠷᠲ ᠤᠨ ᠴᠡᠭ ᠤᠨ ᠳᠠᠷᠤᠭ᠎ᠠ ᠦ᠋ ᠰᠢᠶᠤᠤ ᠯᠦᠩ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠴᠢᠶᠠᠨ ᠰᠢᠨ ᠱᠤᠭᠤᠮ ᠤᠨ ᠪᠣᠭᠤᠮᠲᠠ ᠪᠣᠯ ᠳᠠᠷᠤᠢ ᠮᠠᠨ ᠤ ᠬᠦᠷᠢᠶᠡᠯᠡᠩ ᠲᠣᠭᠤᠷᠢᠭ ᠤᠨ ᠦᠢᠯᠡᠳᠪᠦᠷᠢᠯᠡᠯ ᠬᠠᠩᠭᠠᠯᠭ᠎ᠠ ᠶᠢ ᠪᠠᠲᠤᠯᠠᠬᠤ ᠮᠠᠰᠢᠨ ᠲᠡᠷᠭᠡ ᠶᠢᠨ ᠲᠥᠯᠥᠭᠡ ᠶᠤᠮ᠂ ᠲᠤᠰᠬᠠᠢ ᠪᠠᠶᠢᠭᠤᠯᠤᠭᠰᠠᠨ ᠵᠠᠮ ᠨᠡᠪᠲᠡᠷᠡᠯᠭᠡ ᠶᠢᠨ ᠪᠣᠭᠤᠮᠲᠠ ᠪᠣᠯᠤᠨ᠎ᠠ᠂ ᠮᠤᠷᠢᠨ ᠲᠡᠷᠭᠡᠨ ᠤ ᠵᠢᠯᠣᠭᠤᠴᠢ ᠶᠢᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠳᠤ ᠲᠦᠭᠦᠮ ᠪᠣᠯᠭᠠᠬᠤ ᠶᠢᠨ ᠲᠥᠯᠥᠭᠡ᠂ ᠪᠢᠳᠠ ᠪᠠᠰᠠ ᠮᠤᠷᠢᠨ ᠲᠡᠷᠭᠡᠨ ᠤ ᠵᠢᠯᠣᠭᠤᠴᠢ ᠶᠢᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠠᠪᠴᠠᠩ ᠢ ᠲᠤᠰᠬᠠᠶᠢᠯᠠᠨ ᠪᠠᠶᠢᠭᠤᠯᠵᠤ᠂ ᠮᠠᠨ ᠤ ᠬᠠᠶᠢᠷᠤᠪ ᠤᠨ ᠲᠤᠬᠤᠢ ᠶᠢᠨ ᠪᠤᠢ ᠪᠦᠬᠦᠢ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠤᠨ ᠬᠠᠩᠭᠠᠯᠭ᠎ᠠ ᠶᠢ ᠪᠠᠲᠤᠯᠠᠬᠤ ᠳᠤ ᠲᠦᠭᠦᠮ ᠦᠵᠡᠭᠦᠯᠵᠡᠢ︾ ᠭᠡᠵᠦ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号